ᠬᠠᠩᠭᠢᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/1/4
    ᠨᠢᠭᠡ᠂ ᠲᠤᠭᠤᠷᠪᠢᠭᠰᠠᠨ ᠠᠬᠤᠶ ᠪᠠᠶᠢᠳᠠᠯ    ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠬᠥᠮᠦᠰ ᠤᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠵᠦ᠂ ᠨᠡᠶᠢᠲᠡ ᠶᠢᠨ ᠲᠦᠷᠢᠶᠡᠰᠦᠨ ᠭᠡᠷ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠ ᠬᠠᠮᠲᠤ ᠶᠢᠨ ᠥᠮᠴᠢᠯᠡᠯ ᠤᠨ ᠣᠷᠣᠨ ᠰᠠᠭᠤᠴᠠ ᠪᠠᠷ ᠭᠤᠤᠯ ᠴᠣᠭᠴᠠ ᠪᠣᠯᠭᠠᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢᠨ ᠲᠥᠯᠦᠭᠡ᠂ ︽ᠬᠠᠩᠭᠢᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠣᠨᠴᠠᠭᠠᠶᠢᠯᠠᠨ ᠲᠣᠭᠲᠠᠭᠠᠪᠠ᠃    ᠬᠤᠶᠠᠷ᠂ ᠲᠤᠭᠤᠷᠪᠢᠨ ᠪᠢᠴᠢᠭᠰᠡᠨ ᠦᠨᠳᠦᠰᠦᠯᠡᠯ   ︽ᠣᠷᠳᠣᠰ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠬᠡᠷᠡᠭᠵᠢᠭᠦᠯᠬᠦ ᠲᠥᠰᠦᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2022︶ 162 ᠳ᠋ᠤᠭᠠᠷ ᠲᠣᠭᠠᠲᠤ︶ ᠪᠠ ︽2023 ᠣᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠨᠡᠶᠢᠲᠡ ᠶᠢᠨ ᠲᠦᠷᠢᠶᠡᠰᠦᠨ ᠭᠡᠷ ᠤᠨ ᠪᠠᠲᠤᠯᠠᠭ᠎ᠠ ᠶᠢᠨ ᠲᠥᠯᠥᠪᠯᠡᠭᠡ ᠶᠢᠨ ᠡᠭᠦᠷᠭᠡ ᠶᠢ ᠪᠠᠭᠤᠯᠭᠠᠬᠤ ᠲᠤᠬᠠᠶ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠮᠡᠳᠡᠭᠳᠡᠯ︾ ︵ᠣᠷᠳᠣᠰ ᠣᠷᠣᠨ ᠰᠠᠭᠤᠴᠠ ᠪᠥᠲᠥᠭᠡᠨ ᠪᠠᠶᠢᠭᠤᠯᠤᠯᠲᠠ ᠲᠠᠷᠬᠠᠭᠠᠭᠰᠠᠨ  ﹇2023︶ 41 ᠳ᠋ᠤᠭᠡᠷ ᠲᠣᠭᠠᠲᠤ︶ ᠪᠢᠴᠢᠭ ᠮᠠᠲ᠋ᠧᠷᠢᠶᠡᠯ ᠤᠨ ᠱᠠᠭᠠᠷᠳᠠᠯᠭ᠎ᠠ ᠪᠠᠷ ᠦᠨᠳᠦᠰᠦᠯᠡᠯ ᠪᠣᠯᠭᠠᠪᠠ᠃    ᠭᠤᠷᠪᠠ᠂ ᠭᠤᠣᠯ ᠠᠭᠤᠯᠭ᠎ᠠ    ︽ᠬᠠᠩᠭᠢᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢᠨ ᠬᠡᠷᠡᠭᠵᠢᠭᠦᠯᠬᠦ ᠨᠠᠷᠢᠨ ᠳᠦᠷᠢᠮ︾ ᠨᠡᠶᠢᠲᠡ‌ᠠᠷᠪᠠᠨ ᠪᠦᠯᠦᠭ᠃    ᠨᠢᠭᠡᠳᠦᠭᠡᠷ ᠪᠦᠯᠦᠭ   ᠶᠡᠷᠦᠩᠬᠡᠶ ᠳᠦᠷᠢᠮ᠄ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠭᠡᠳᠡᠭ ᠨᠢ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠣᠯᠠᠨ ᠭᠤᠤᠯ ᠴᠣᠭᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠨᠥᠬᠦᠴᠡᠯ ᠳᠤ ᠨᠡᠶᠢᠴᠡᠬᠦ ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠣᠷᠣᠨ ᠰᠠᠭᠤᠴᠠ ᠨᠢ ᠬᠦᠴᠢᠷᠳᠡᠯᠲᠡᠶ ᠬᠦᠮᠦᠰ ᠲᠤ ᠵᠣᠷᠢᠭᠤᠯᠤᠭᠰᠠᠨ᠂ ᠳᠦᠷᠢᠶᠡᠰᠦᠯᠡᠬᠦ ᠬᠡᠷᠡᠭᠴᠡᠭᠡ᠂ ᠭᠡᠷ ᠤᠨ ᠪᠥᠲᠦᠴᠡ ᠲᠠᠯᠠᠪᠠᠶ ᠪᠠ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ ᠬᠢᠵᠠᠭᠠᠷᠯᠠᠭᠰᠠᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠵᠢᠭᠠᠵᠤ ᠪᠣᠶ᠃    ᠬᠤᠶᠠᠳᠤᠭᠠᠷ ᠪᠦᠯᠦᠭ   ᠪᠦᠲᠦᠭᠡᠨ ᠪᠠᠶᠢᠭᠤᠯᠵᠤ ᠴᠤᠭᠯᠠᠭᠤᠯᠬᠤ᠄ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ        ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠤᠯᠠ ᠪᠠᠶᠢᠬᠤ ᠭᠠᠵᠠᠷ ᠰᠢᠷᠤᠢ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠪᠣᠯᠤᠨ ᠰᠤᠯᠠ ᠦᠯᠡᠳᠡᠵᠦ ᠪᠠᠶᠢᠭ᠎ᠠ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠠᠰᠢᠭᠯᠠᠵᠤ᠂ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠣᠬᠢᠰᠲᠠᠶ ᠠᠰᠢᠭᠯᠠᠬᠤ ᠶᠢᠨ ᠬᠠᠮᠲᠤ ᠬᠤᠳᠠᠯᠳᠤᠭᠠᠨ ᠤ ᠦᠢᠯᠡᠴᠢᠯᠡᠭᠡᠨ ᠤ ᠳᠥᠬᠦᠭᠡᠷᠦᠮᠵᠢ ᠶᠢ ᠵᠦᠢ ᠵᠣᠬᠢᠰᠲᠠᠶ ᠪᠦᠷᠢᠳᠦᠭᠦᠯᠬᠦ ᠬᠡᠷᠡᠭᠲᠡᠶ᠃ ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ ᠭᠤᠣᠯᠳᠠᠭᠤ ᠰᠢᠨ᠎ᠡ ᠪᠠᠷ ᠪᠠᠶᠢᠭᠤᠯᠬᠤ᠂ ᠲᠣᠬᠢᠷᠠᠭᠤᠯᠤᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠨ ᠰᠢᠨᠡᠳᠬᠡᠬᠦ ᠪᠠ ᠵᠠᠰᠠᠭ ᠤᠨ ᠣᠷᠳᠣᠨ ᠤ ᠰᠤᠯᠠ ᠪᠠᠶᠢᠭ᠎ᠠ ᠣᠷᠣᠨ ᠰᠠᠭᠤᠴᠠ ᠶᠢ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠨ ᠣᠷᠣᠨ ᠰᠠᠭᠤᠴᠠ ᠪᠣᠯᠭᠠᠨ ᠬᠡᠷᠡᠭᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠨ᠂ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠨ ᠣᠷᠣᠨ ᠰᠠᠭᠤᠴᠠ ᠶᠢ ᠪᠠᠶᠢᠭᠤᠯᠤᠨ ᠪᠦᠷᠢᠳᠦᠭᠦᠯᠦᠨ᠎ᠡ᠃    ᠭᠤᠷᠪᠠᠳᠤᠭᠠᠷ ᠪᠦᠯᠦᠭ   ᠲᠥᠷᠥᠯ ᠵᠦᠢᠯ ᠢ ᠬᠠᠮᠢᠶᠠᠷᠬᠤ ᠪᠠ ᠮᠠᠭᠠᠳᠯᠠᠨ ᠲᠣᠭᠲᠠᠭᠠᠬᠤ᠄ ᠬᠤᠰᠢᠭᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠰᠢᠭᠤ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠠᠮᠢᠶ᠎ᠠ ᠪᠥᠬᠦᠶ ᠨᠢᠭᠡᠴᠡ ᠪᠠᠷ ᠪᠦᠷᠢᠯᠳᠦᠬᠦᠨ ᠪᠣᠯᠭᠠᠭᠰᠠᠨ ᠬᠠᠩᠭᠢᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠠᠴᠠ ᠭᠤᠶᠤᠴᠢᠯᠠᠭᠰᠠᠨ ᠲᠥᠷᠥᠯ ᠵᠦᠢᠯ ᠢ ᠮᠠᠭᠠᠳᠯᠠᠨ ᠲᠣᠭᠲᠠᠭᠠᠨ᠎ᠠ᠃    ᠳᠥᠷᠪᠡᠳᠦᠭᠡᠷ ᠪᠦᠯᠦᠭ   ᠳᠡᠮᠵᠢᠬᠦ ᠲᠥᠷᠥ ᠶᠢᠨ ᠪᠣᠳᠣᠯᠭ᠎ᠠ᠄ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠡᠯ᠎ᠡ ᠲᠥᠷᠦᠯ ᠤᠨ ᠳᠡᠮᠵᠢᠯᠭᠡ ᠶᠢᠨ ᠲᠥᠷᠥ ᠶᠢᠨ ᠪᠣᠳᠤᠯᠭ᠎ᠠ᠃ ᠲᠣᠭᠲᠠᠭᠠᠯ ᠳᠤ ᠨᠡᠶᠢᠴᠡᠬᠦ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠲᠥᠪ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠡᠯ᠎ᠡ ᠲᠥᠷᠦᠯ ᠤᠨ ᠨᠥᠬᠦᠪᠥᠷᠢ ᠮᠥᠩᠭᠦ ᠶᠢ ᠴᠢᠷᠮᠠᠶᠢᠨ ᠣᠯᠵᠤ᠂ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠤᠰᠤ᠂ ᠳᠤᠯᠠᠭᠠᠯᠠᠭ᠎ᠠ᠂ ᠴᠠᠬᠢᠯᠭᠠᠨ᠂ ᠬᠡᠢ ᠶᠢᠨ ᠦᠨ᠎ᠡ ᠬᠠᠩᠰᠢ ᠶᠢ ᠰᠠᠭᠤᠭᠠᠯᠢ ᠠᠷᠠᠳ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃        ᠲᠠᠪᠤᠳᠤᠭᠠᠷ ᠪᠦᠯᠦᠭ   ᠪᠠᠲᠤᠯᠠᠬᠤ ᠡᠲᠡᠭᠡᠳ ᠪᠠ ᠨᠥᠬᠦᠴᠡᠯ᠄ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ ᠪᠣᠯ ᠮᠠᠨ ᠤ ᠬᠤᠰᠢᠭᠤᠨ ᠳᠤ ᠠᠵᠢᠯ ᠣᠯᠤᠭᠰᠠᠨ ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠣᠷᠣᠨ ᠰᠠᠭᠤᠴᠠ ᠨᠢ ᠬᠦᠴᠢᠷᠳᠡᠯᠲᠡᠶ ᠬᠥᠮᠦᠰ ᠪᠣᠯᠤᠨ᠎ᠠ᠃ ᠬᠤᠲᠠ ᠶᠢᠨ ᠰᠢᠨ᠎ᠡ ᠠᠷᠠᠳ ᠭᠡᠳᠡᠭ ᠨᠢ ᠬᠠᠩᠭᠢᠨ ᠬᠤᠰᠢᠭᠤᠨ ᠤ ᠡᠷᠦᠬᠡ ᠠᠮᠠ ᠶᠢᠨ ᠳᠠᠩᠰᠠ ᠦᠭᠡᠢ ︵ᠡᠰᠡᠬᠦᠯ᠎ᠡ ᠡᠷᠦᠬᠡ ᠠᠮᠠ ᠶᠢᠨ ᠳᠠᠩᠰᠠ ᠨᠢ ᠮᠠᠨ ᠤ ᠬᠤᠰᠢᠭᠤᠨ ᠳᠤ ᠨᠡᠭᠦᠵᠦ ᠣᠷᠣᠭᠠᠳ 2 ᠵᠢᠯ ᠪᠣᠯᠤᠭᠠᠳᠤᠢ︶᠂ ᠬᠠᠩᠭᠢᠨ ᠬᠤᠰᠢᠭᠤᠨ ᠳᠤ ᠠᠵᠢᠯ ᠣᠯᠤᠭᠰᠠᠨ ᠪᠠᠶᠢᠩᠭᠤ ᠰᠠᠭᠤᠭ᠎ᠠ ᠬᠥᠮᠦᠰ ᠢ ᠵᠢᠭᠠᠵᠤ ᠪᠠᠢᠨ᠎ᠠ᠃ ᠵᠠᠯᠠᠭᠤᠴᠤᠳ ᠭᠡᠳᠡᠭ ᠨᠢ 35 ᠨᠠᠰᠤ ᠬᠦᠷᠦᠭᠡᠳᠦᠢ᠂ ᠮᠠᠨ ᠤ ᠬᠤᠰᠢᠭᠤᠨ ᠳᠤ ᠡᠷᠦᠬᠡ ᠠᠮᠠ ᠣᠷᠤᠵᠤ ᠠᠵᠢᠯ ᠣᠯᠤᠭᠰᠠᠨ ᠬᠦᠮᠦᠰ ᠢ ᠵᠢᠭᠠᠵᠤ ᠪᠠᠶᠢᠨ᠎ᠠ᠃ ᠬᠤᠲᠠ ᠶᠢᠨ ᠰᠢᠨ᠎ᠡ ᠠᠷᠠᠳ᠂ ᠵᠠᠯᠠᠭᠤᠴᠤᠳ ᠭᠦᠢᠴᠡᠳ ᠪᠠᠲᠤᠯᠠᠭ᠎ᠠ ᠣᠯᠤᠭᠰᠠᠨ ᠰᠠᠭᠤᠷᠢᠨ ᠳᠡᠭᠡᠷ᠎ᠡ᠂ ᠰᠤᠯᠠ ᠪᠠᠶᠢᠭ᠎ᠠ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠳᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠥᠪᠰᠢᠶᠡᠷᠡᠨ ᠣᠷᠣᠭᠤᠯᠬᠤ ᠲᠠᠰ ᠳᠠᠷᠠᠭᠠᠯᠠᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠣᠯᠤᠨ᠎ᠠ᠃     ᠵᠢᠷᠭᠤᠳᠤᠭᠠᠷ ᠪᠦᠯᠦᠭ   ᠭᠤᠶᠤᠴᠢᠯᠠᠬᠤ ᠪᠠ ᠬᠢᠨᠠᠨ ᠵᠥᠪᠰᠢᠶᠡᠷᠡᠬᠦ ᠵᠢᠷᠤᠮ᠄ ᠬᠤᠲᠠ ᠶᠢᠨ ᠰᠢᠨ᠎ᠡ ᠠᠷᠠᠳ᠂ ᠵᠠᠯᠠᠭᠤᠴᠤᠳ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ ᠳᠤ᠂ ᠬᠡᠷ ᠪᠦᠯᠢ ᠪᠠᠷ ᠭᠤᠶᠤᠴᠢᠯᠠᠬᠤ ᠨᠢᠭᠡᠴᠢ ᠪᠣᠯᠭᠠᠨ᠂ ᠲᠣᠰ ᠬᠥᠮᠦᠨ ᠨᠢ ᠭᠤᠤᠯ ᠭᠤᠶᠤᠴᠢᠯᠠᠭᠴᠢ ᠪᠣᠯᠵᠤ ᠂ ᠬᠠᠨᠢ ᠨᠥᠬᠦᠷ ᠵᠢᠴᠢ ᠨᠠᠰᠤᠨ ᠳᠤ ᠬᠦᠷᠦᠭᠡᠳᠦᠢ ᠦᠷ᠎ᠡ ᠬᠡᠣᠬᠡᠳ ᠨᠢ ᠬᠠᠮᠲᠤ ᠶᠢᠨ ᠭᠤᠶᠤᠴᠢᠯᠠᠭᠴᠢ ᠪᠣᠯᠤᠨ᠎ᠠ︔  ᠬᠡᠷᠡᠭᠡᠯᠡᠬᠦ ᠴᠢᠬᠤᠯᠠ ᠲᠠᠢ ᠮᠠᠲ᠋ᠧᠷᠢᠶᠠᠯ ᠢᠶᠠᠨ ᠵᠠᠪᠠᠯ ᠱᠠᠭᠠᠷᠳᠠᠯᠭ᠎ᠠ ᠶᠣᠰᠤᠭᠠᠷ ᠲᠤᠰᠢᠶᠠᠬᠤ ᠴᠢᠬᠤᠯᠠ ᠲᠠᠢ  ᠬᠡᠷᠡᠭᠲᠡᠢ᠃      ᠳᠣᠯᠣᠳᠤᠭᠠᠷ ᠪᠦᠯᠦᠭ   ᠬᠤᠪᠢᠶᠠᠷᠢᠯᠠᠬᠤ ᠪᠠ ᠲᠦᠷᠢᠶᠡᠰᠦᠨ ᠮᠥᠩᠭᠦ᠄ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢ ᠭᠠᠭᠴᠠ ᠢᠵᠢ ︵ᠲᠠᠰᠤᠯᠭ᠎ᠠ︶ ᠪᠠᠷᠢᠯᠭ᠎ᠠ ᠶᠢᠨ ᠲᠠᠯᠠᠪᠠᠶ ᠪᠠᠷ ᠪᠣᠳᠤᠵᠤ᠂ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠢ ᠬᠠᠮᠢᠶ᠎ᠠ ᠪᠥᠬᠦᠶ ᠪᠠᠶᠢᠭᠤᠯᠤᠮᠵᠢ ᠳᠤ ᠨᠠᠶᠢᠳᠠᠵᠤ᠂ ᠠᠳᠠᠯᠢ ᠭᠠᠵᠠᠷ ᠣᠷᠣᠨ᠂ ᠠᠳᠠᠯᠢ ᠶᠠᠰᠤ ᠴᠢᠨᠠᠷ᠂ ᠠᠳᠠᠯᠢ ᠲᠥᠷᠥᠯ ᠬᠡᠯᠪᠡᠷᠢ ᠶᠢᠨ ᠣᠷᠣᠨ ᠰᠠᠭᠤᠴᠠ ᠶᠢᠨ ᠲᠦᠷᠢᠶᠡᠰᠦᠨ ᠵᠠᠬ᠎ᠠ ᠳᠡᠯᠭᠡᠭᠦᠷ ᠤᠨ ᠳᠤᠮᠳᠠᠴᠢ ᠲᠦᠷᠢᠶᠡᠰᠦᠨ ᠮᠥᠩᠭᠦ ᠶᠢ ᠦᠨᠡᠯᠡᠨ ᠵᠢᠱᠢᠵᠦ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢ ᠵᠠᠬ᠎ᠠ ᠳᠡᠯᠭᠡᠭᠦᠷ ᠤᠨ ᠳᠤᠮᠳᠠᠴᠢ ᠲᠦᠷᠢᠶᠡᠰᠦᠨ ᠮᠥᠩᠭᠦ ᠶᠢᠨ 80% ᠠᠴᠠ ᠳᠠᠪᠠᠭᠤᠯᠬᠤ ᠦᠭᠡᠢ ᠪᠠᠷ ᠲᠣᠭᠲᠠᠭᠠᠵᠤ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠵᠢᠯᠣᠭᠤᠳᠬᠤ ᠪᠠ ᠬᠢᠨᠠᠯᠲᠠ ᠲᠠᠯᠪᠢᠬᠤ ᠶᠢ ᠰᠠᠶᠢᠲᠤᠷ ᠬᠢᠬᠦ ᠬᠡᠷᠡᠭᠲᠡᠶ᠃      ᠨᠠᠢᠮᠠᠳᠤᠭᠠᠷ ᠪᠦᠯᠦᠭ   ᠲᠦᠷᠢᠶᠡᠰᠦᠯᠡᠬᠦ᠂ ᠬᠡᠷᠡᠭᠯᠡᠬᠦ ᠪᠠ ᠬᠠᠮᠢᠶᠠᠷᠤᠯᠲᠠ ᠠᠴᠠ ᠭᠠᠷᠭᠠᠬᠤ᠃      ᠶᠢᠰᠦᠳᠦᠭᠡᠷ ᠪᠦᠯᠦᠭ   ᠬᠠᠷᠢᠭᠤᠴᠠᠯᠭ᠎ᠠ ᠨᠡᠬᠡᠮᠵᠢᠯᠡᠬᠦ᠃      ᠠᠷᠪᠠᠳᠤᠭᠠᠷ ᠪᠦᠯᠦᠭ   ᠳᠠᠭᠠᠯᠳᠤᠭᠤᠯᠤᠭᠰᠠᠨ ᠲᠦᠷᠢᠮ᠃
ᠢᠷᠡᠯᠲᠡ᠄ ᠲᠤᠰ ᠰᠦᠯᠵᠢᠶ᠎ᠡ