ᠲᠣᠰ ᠲᠥᠪ ᠨᠢ ᠭᠤᠤᠯᠳᠠᠭᠤ ᠵᠣᠬᠢᠶᠠᠮᠠᠯ ᠣᠶᠤᠨ᠂ ᠲᠣᠮᠣ ᠳ᠋ᠠᠶᠢᠲ᠋ᠠ᠂ 5G ᠤᠨ ᠬᠡᠷᠡᠭᠯᠡᠯᠲᠡ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠬᠦᠷᠢᠶᠡᠨ ᠤ | ᠲᠣᠭᠤᠷᠢᠨ ᠳᠤ᠂ ᠳ᠋ᠢᠭᠢᠲ᠋ᠠᠯ ᠠᠵᠤ ᠠᠬᠤᠶ ᠶᠢᠨ ᠳᠡᠭᠡᠳᠦ ᠲᠠᠰ ᠤᠨ ᠰᠢᠨ᠎ᠡ ᠡᠭᠦᠳᠦᠯᠲᠡ ᠶᠢᠨ ᠡᠬᠢ ᠪᠠᠶᠠᠯᠢᠭ ᠢ ᠲᠥᠪᠯᠡᠷᠡᠭᠦᠯᠵᠦ᠂ ᠳ᠋ᠢᠭᠢᠲ᠋ᠠᠯ ᠠᠵᠤ ᠠᠬᠤᠶ ᠶᠢᠨ | ᠣᠨᠴᠠᠯᠢᠭᠲᠤ ᠬᠡᠷᠡᠭᠯᠡᠭᠡᠨ ᠤ ᠲᠦᠯᠦᠪ ᠪᠠᠶᠢᠳᠠᠯ ᠢ ᠪᠥᠲᠥᠭᠡᠨ ᠪᠠᠶᠢᠭᠤᠯᠬᠤ ᠪᠣᠯᠣᠨ᠎ᠠ᠃ ᠣᠳᠣᠬᠠᠨ ᠳᠤ᠂ C2M3D ᠰᠢᠷᠪᠢᠯᠲᠡ ᠶᠢᠨ ᠮᠡᠷᠭᠡᠵᠢᠯ᠂ | ᠬᠥᠳᠡᠯᠭᠡᠭᠡᠨ ᠢᠶᠠᠷ ᠨᠢ ᠰᠡᠷᠡᠨ ᠮᠡᠳᠡᠷᠡᠬᠦ ᠮᠡᠷᠭᠡᠵᠢᠯ᠂ ᠬᠡᠶᠢᠰᠪᠦᠷᠢ ᠬᠥᠮᠦᠨ ᠤ ᠮᠡᠷᠭᠡᠵᠢᠯ᠂ ᠮᠠᠰᠢᠨ ᠬᠥᠮᠦᠨ ᠤ ᠺᠣᠹᠧ ᠶᠢᠨ ᠲᠢᠩᠬᠢᠮ ᠢ ᠪᠠᠭᠲᠠᠭᠠᠭᠰᠠᠨ ᠳ᠋ᠢᠭᠢᠲ᠋ᠠᠯ ᠠᠵᠤ | ᠠᠬᠤᠶ ᠶᠢᠨ ᠨᠡᠪᠴᠢᠭᠦᠯᠦᠯᠲᠡ ᠶᠢᠨ ᠪᠡᠶᠡᠴᠢᠯᠡᠨ ᠣᠶᠢᠯᠠᠭᠠᠬᠤ 6 ᠲᠥᠷᠥᠯ ᠵᠦᠢᠯ ᠢ ᠣᠷᠣᠭᠤᠯᠤᠨ ᠠᠪᠴᠢᠷᠠᠵᠤ᠂ ᠣᠷᠣᠨ ᠨᠤᠲᠤᠭ ᠤᠨ ᠴᠢᠨᠠᠷ ᠰᠠᠶᠢᠲᠠᠶ ᠢᠮᠠᠭᠠᠨ | ᠨᠣᠣᠯᠣᠭᠤᠷ ᠤᠨ 30 ᠭᠠᠷᠤᠶ ᠠᠵᠤ ᠠᠬᠤᠶᠢᠯᠠᠯ ᠪᠠ ᠢᠳᠡᠭᠡᠨ ᠤ 20 ᠭᠠᠷᠤᠶ ᠠᠵᠤ ᠠᠬᠤᠶᠢᠯᠠᠯ ᠯᠤᠭ᠎ᠠ ᠶᠠᠭ ᠰᠠᠶ᠋ᠢᠬᠠᠨ ᠲᠤᠬᠠᠶᠢᠯᠠᠭᠰᠠᠨ ᠠᠵᠢᠯ ᠤᠨ | ᠬᠠᠮᠲᠤᠷᠠᠯᠴᠠᠭ᠎ᠠ ᠪᠠᠶᠢᠭᠤᠯᠵᠤ ᠪᠠᠶᠢᠨ᠎ᠠ᠂ ᠵᠢᠯ ᠪᠦᠷᠢ ᠳ᠋ᠢᠭᠢᠲ᠋ᠠᠯ ᠠᠵᠤ ᠠᠬᠤᠶ ᠶᠢᠨ ᠬᠠᠮᠢᠶ᠎ᠠ ᠪᠥᠬᠦᠶ ᠮᠡᠷᠭᠡᠵᠢᠯ ᠤᠨ ᠴᠢᠳᠠᠪᠤᠷᠢᠲᠠᠨ ᠢ 2000 ᠬᠦᠮᠦᠨ ᠢ | ᠬᠦᠮᠦᠵᠢᠭᠦᠯᠦᠨ ᠬᠦᠷᠭᠡᠵᠦ᠂ ᠨᠡᠪᠴᠢᠭᠦᠯᠦᠯᠲᠡ ᠶᠢᠨ ᠦᠢᠯᠡᠰ ᠪᠣᠰᠬᠠᠬᠤ ᠪᠦᠯᠬᠦᠮ ᠪᠠ ᠲᠦᠷᠦᠯ ᠵᠦᠢᠯ ᠤᠨ ᠲᠤᠭ᠎ᠠ ᠨᠢ 50 ᠠᠴᠠ ᠬᠡᠲᠦᠷᠡᠵᠦ᠂ ᠭᠠᠵᠠᠷ ᠣᠷᠣᠨ ᠤ | ᠠᠵᠢᠯ ᠣᠯᠭᠤᠯᠲᠠ ᠳᠤ ᠪᠠᠷᠤᠭ 1000 ᠬᠥᠮᠦᠨ ᠢ ᠳᠠᠶᠢᠴᠢᠯᠠᠵᠤ᠂ ᠡᠵᠡᠩᠨᠡᠯᠲᠡ ᠶᠢᠨ ᠲᠤᠭ᠎ᠠ ᠨᠢ ᠪᠠᠷᠤᠭ 2 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ |