8 ᠰᠠᠷ᠎ᠠ ᠶᠢᠨ 1 ᠠᠴᠠ 2 ᠤᠨ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠮᠠᠭᠤᠪᠤᠯᠠᠭ ᠬᠦᠨᠳᠡᠢ ᠶᠢ ᠴᠡᠭᠴᠡᠯᠡᠨ ᠵᠠᠰᠠᠬᠤ | ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠶᠠᠩ ᠰᠧ ᠹᠠᠨ᠂ ᠴᠢᠦ ᠶᠢᠨ ᠮᠠ᠂ ᠦ᠋ ᠭᠦᠸᠧ ᠫᠢᠩ | ᠣᠷᠣᠯᠴᠠᠵᠠᠶ᠃ | 8 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠣᠨᠣᠯ | ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | 8 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠵᠠᠬᠢᠳᠠᠯ | ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠨ ᠲᠣᠬᠢᠷᠠᠭᠤᠯᠬᠤ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ | ᠵᠥᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠠᠯᠲᠠᠨᠳᠠᠯᠠᠢ᠂ ᠵᠠᠩ ᠺᠸᠤ ᠴᠧᠩ᠂ ᠯᠢᠦ ᠬᠠᠶ ᠴᠢᠤᠸᠠᠨ ᠬᠤᠷᠠᠯ ᠳᠤ | ᠣᠷᠣᠯᠴᠠᠵᠠᠶ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠵᠠᠬᠢᠳᠠᠯ | ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | 8 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | 8 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠯᠢ ᠯᠢ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | 8 ᠰᠠᠷ᠎ᠠ ᠶᠢᠨ 9 ᠤ ᠡᠳᠦᠷ᠂ 2024 ᠣᠨ ᠤ ᠳᠤᠮᠳᠠᠳᠤ ᠤᠯᠤᠰ ᠤᠨ ᠤᠯᠤᠰ ᠤᠨ ᠬᠥᠪᠴᠢ ᠶᠢᠨ ᠡᠯᠡᠰᠦᠨ ᠴᠦᠯ ᠤᠨ ᠬᠡᠭᠡᠷᠡᠯᠡᠨ ᠠᠶᠠᠯᠠᠬᠤ ᠤᠷᠤᠯᠳᠤᠭᠠᠨ | ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠬᠦᠴᠦ ᠰᠣᠷᠢᠬᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠬᠠᠩᠭᠢᠨ ᠬᠤᠰᠢᠭᠤᠨ ᠳᠠᠬᠢ ᠬᠤᠪᠢᠶᠠᠷᠢ | ᠥᠷᠲᠡᠭᠡᠨ ᠤ ᠤᠷᠤᠯᠳᠤᠭᠠᠨ ᠤ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠤᠷᠤᠯᠳᠤᠭᠠᠨ ᠤ ᠪᠡᠯᠡᠳᠬᠡᠯ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠸᠠᠩ ᠭᠤᠸᠠᠩ ᠫᠢᠩ᠂ ᠴᠠᠩ | ᠬᠠᠶ᠂ ᠰᠠᠷᠠᠨ᠎ᠠ ᠬᠤᠷᠠᠯ ᠳᠤ ᠣᠷᠣᠯᠴᠠᠵᠠᠶ᠃ | 8 ᠰᠠᠷ᠎ᠠ ᠶᠢᠨ 13 ᠠᠴᠠ 14 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠪᠦᠯᠬᠦᠮ | ᠳᠠᠭᠠᠭᠤᠯᠤᠨ ᠭᠢᠷᠢᠨ ᠮᠤᠵᠢ ᠶᠢᠨ ᠭᠢᠷᠢᠨ ᠬᠤᠲᠠ᠂ ᠱᠠᠨᠳᠦ᠋ᠩ ᠮᠤᠵᠢ ᠶᠢᠨ ᠶᠠᠨ ᠲᠠᠢ ᠬᠤᠲᠠ ᠳᠤ ᠬᠦᠷᠴᠦ ᠭᠢᠷᠢᠨ ᠤ ᠬᠢᠮᠢ ᠶᠢᠨ ᠰᠢᠷᠬᠡᠭᠯᠢᠭ ᠤᠨ ᠪᠦᠯᠦᠭᠯᠡᠯ᠂ | ᠵᠢᠶᠧ ᠷᠦᠢ ᠪᠦᠯᠦᠭᠯᠡᠯ᠂ ᠸᠠᠨ ᠬᠤᠸᠠ ᠬᠢᠮᠢ ᠶᠢᠨ ᠪᠦᠯᠦᠭᠯᠡᠯ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠨ᠂ | ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃ ᠬᠤᠰᠢᠭᠤᠨ ᠤ ᠤᠳᠤᠷᠢᠳᠤᠯᠭ᠎ᠠ ᠬᠥᠭᠵᠢᠯᠲᠦ᠂ ᠠᠯᠲᠠᠨᠳᠠᠯᠠᠢ᠂ ᠸᠠᠩ ᠭᠤᠸᠠᠩ | ᠫᠢᠩ ᠣᠷᠣᠯᠴᠠᠪᠠ᠃ | 8 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠭᠢᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠠᠷᠪᠠᠨ ᠳᠣᠯᠣᠳᠤᠭᠠᠷ ᠪᠦᠬᠦᠳᠡ ᠬᠤᠷᠠᠯ ᠰᠢᠨᠡᠪᠠᠯᠭᠠᠰᠤᠨ ᠳᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ | ᠴᠧᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠪᠥᠬᠦᠳᠡ ᠬᠤᠷᠠᠯ ᠳᠤ ᠠᠵᠢᠯ ᠢᠶᠠᠨ ᠮᠡᠳᠡᠭᠦᠯᠬᠦ ᠶᠢᠨ ᠬᠠᠮᠲᠤ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠬᠡᠷᠡᠭᠵᠢᠭᠦᠯᠬᠦ ᠰᠠᠨᠠᠯ ︵ᠶᠠᠷᠢᠯᠴᠠᠬᠤ | ᠨᠣᠤᠷᠠᠭ︶︾ ᠤᠨ ᠲᠤᠬᠠᠶ ᠲᠣᠳᠣᠷᠬᠠᠶᠢᠯᠠᠯᠲᠠ ᠬᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠣᠷᠣᠯᠴᠠᠵᠠᠶ᠃ | | 8 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠡᠯ᠎ᠡ ᠰᠤᠮᠤ ᠪᠠᠯᠭᠠᠰᠤᠨ ᠤ 1 - 7 ᠰᠠᠷ᠎ᠠ ᠶᠢᠨ ᠠᠵᠢᠯ ᠤᠨ ᠪᠠᠶᠢᠳᠠᠯ ᠪᠠ ︽ᠵᠢᠷᠭᠤᠭᠠᠨ ᠢᠨᠵᠧᠨᠧᠷᠢᠩ︾ ᠢ ᠠᠬᠢᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠤᠷᠠᠯ ᠳᠤ ᠣᠷᠣᠯᠴᠠᠪᠠ᠃ | 8 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠪᠥᠬᠦ ᠬᠤᠰᠢᠭᠤᠨ ᠤ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠬᠥᠭᠵᠢᠯᠲᠦ᠂ ᠵᠠᠩ ᠭᠤᠸᠠᠩ ᠷᠦᠢ᠂ ᠯᠢᠦ ᠬᠠᠶ ᠴᠢᠤᠸᠠᠨ᠂ ᠾᠧ ᠶᠦᠩ ᠭᠠᠩ᠂ ᠰᠠᠷᠠᠨ᠎ᠠ ᠨᠠᠷ ᠣᠷᠣᠯᠴᠠᠪᠠ᠃ | | 8 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠥᠬᠡᠮᠣᠳᠤ ᠪᠠᠯᠭᠠᠰᠤᠨ ᠳᠤ ᠭᠦᠨᠵᠡᠭᠡᠶᠢᠷᠡᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ | 8 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠣᠨᠣᠯ | ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 8 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠳᠤᠮᠳᠠᠳᠤ ᠤᠯᠤᠰ ᠤᠨ | ᠤᠯᠤᠰ ᠤᠨ ᠬᠥᠪᠴᠢ ᠶᠢᠨ ᠡᠯᠡᠰᠦᠨ ᠴᠦᠯ ᠤᠨ ᠬᠡᠭᠡᠷᠡᠯᠡᠨ ᠠᠶᠠᠯᠠᠬᠤ ᠤᠷᠤᠯᠳᠤᠭᠠᠨ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠬᠦᠴᠦ ᠰᠣᠷᠢᠬᠤ ᠮᠠᠩᠯᠠᠶ | ᠰᠢᠯᠭᠠᠷᠠᠭᠤᠯᠬᠤ ᠤᠷᠤᠯᠳᠤᠭᠠᠨ ᠤ ᠬᠠᠩᠭᠢᠨ ᠬᠤᠰᠢᠭᠤᠨ ᠳᠠᠬᠢ ᠬᠤᠪᠢᠶᠠᠷᠢ ᠥᠷᠲᠡᠭᠡᠨ ᠤ ᠤᠷᠤᠯᠳᠤᠭᠠᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃ | ᠬᠤᠰᠢᠭᠤᠨ ᠤ ᠤᠳᠤᠷᠢᠳᠤᠯᠭ᠎ᠠ ᠸᠠᠩ ᠭᠤᠸᠠᠩ ᠫᠢᠩ᠂ ᠴᠠᠩ ᠬᠠᠶ ᠣᠷᠣᠯᠴᠠᠵᠠᠶ᠃ | 8 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠠᠷᠢᠶᠠᠨᠭᠤᠣᠯ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠤᠷ ᠲᠤ | ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠮᠠᠭᠤᠪᠤᠯᠠᠭ | ᠬᠥᠨᠳᠡᠢ ᠶᠢᠨ ᠠᠮᠢ ᠠᠬᠤᠶ ᠶᠢᠨ ᠵᠠᠰᠠᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ | ᠤᠳᠤᠷᠢᠳᠤᠯᠭ᠎ᠠ ᠵᠠᠩ ᠭᠤᠸᠠᠩ ᠷᠦᠢ ᠣᠷᠣᠯᠴᠠᠪᠠ᠃ | 8 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠤᠯᠤᠰ ᠤᠨ ᠬᠥᠪᠴᠢ ᠶᠢᠨ ᠡᠯᠡᠰᠦᠨ ᠴᠦᠯ ᠤᠨ ᠬᠡᠭᠡᠷᠡᠯᠡᠨ ᠠᠶᠠᠯᠠᠬᠤ ᠤᠷᠤᠯᠳᠤᠭᠠᠨ ᠵᠢᠴᠢ | ᠳᠤᠮᠳᠠᠳᠤ ᠤᠯᠤᠰ ᠤᠨ ᠮᠠᠰᠢᠨ ᠲᠡᠷᠭᠡᠨ ᠤ ᠬᠦᠴᠦ ᠰᠣᠷᠢᠬᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠬᠠᠩᠭᠢᠨ ᠬᠤᠰᠢᠭᠤᠨ ᠳᠠᠬᠢ ᠬᠤᠪᠢᠶᠠᠷᠢ ᠥᠷᠲᠡᠭᠡᠨ ᠤ | ᠤᠷᠤᠯᠳᠤᠭᠠᠨ ᠤ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠪᠡᠯᠡᠳᠬᠡᠯ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ | ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠤᠨ ᠲᠤᠬᠢᠷᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ | ᠵᠥᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠸᠠᠩ ᠭᠤᠸᠠᠩ ᠫᠢᠩ᠂ ᠴᠠᠩ ᠬᠠᠶ᠂ ᠵᠠᠩ ᠺᠧᠦ ᠴᠧᠩ ᠬᠤᠷᠠᠯ ᠳᠤ | ᠣᠷᠣᠯᠴᠠᠵᠠᠶ᠃ | 8 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠶᠡᠬᠡᠨ᠋ᠤᠰᠣ ᠰᠤᠮᠤᠨ ᠳᠤ ᠭᠦᠨᠵᠡᠭᠡᠶᠢᠷᠡᠵᠦ᠂ ᠡᠷᠦᠬᠡ ᠳᠤ ᠬᠦᠷᠴᠦ | ᠰᠤᠷᠪᠤᠯᠵᠢᠯᠠᠬᠤ ᠠᠷᠭ᠎ᠠ ᠮᠠᠶ᠋ᠢᠭ ᠢᠶᠠᠷ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ | ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠴᠤ ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃ | 8 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠤᠰᠢᠭᠤ ᠳᠠᠷᠤᠭ᠎ᠠ ᠶᠢᠨ ᠲᠤᠰᠬᠠᠶ | ᠰᠡᠳᠦᠪᠲᠦ ᠬᠤᠷᠠᠯ ᠬᠤᠷᠠᠯᠳᠤᠭᠤᠯᠪᠠ᠃ ᠬᠤᠷᠠᠯ ᠠᠴᠠ ᠪᠥᠬᠦ ᠬᠤᠰᠢᠭᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠵᠢᠴᠢ ᠬᠠᠲᠤᠨ ᠭᠤᠤᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠨᠢᠭᠦᠯᠦᠭᠰᠡᠨ ᠪᠠᠶᠢᠳᠠᠯ᠂ ᠪᠥᠬᠦ ᠬᠤᠰᠢᠭᠤᠨ ᠤ ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ︽ᠤᠰᠤ ᠪᠠᠷ ᠳᠥᠷᠪᠡ ᠶᠢ ᠲᠣᠭᠲᠠᠭᠠᠬᠤ︾ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠢ ᠠᠰᠢᠭᠯᠠᠭᠰᠠᠨ ᠪᠠᠶᠢᠳᠠᠯ ᠵᠢᠴᠢ ︽ᠬᠠᠩᠭᠢᠨ ᠬᠤᠰᠢᠭᠤᠨ ᠤ 2024 | ᠣᠨ ᠤ ᠭᠤᠤᠯ ᠤᠨ ᠵᠠᠮ ᠳᠠᠭᠠᠤ ᠡᠯᠡᠰᠦ ᠮᠠᠯᠲᠠᠬᠤ ᠠᠵᠢᠯ ᠤᠨ ᠬᠡᠷᠡᠭᠵᠢᠭᠦᠯᠬᠦ ᠨᠠᠷᠢᠨ ᠲᠦᠷᠢᠮ︾ ᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | 8 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠠᠩᠭᠢᠨ ᠬᠤᠰᠢᠭᠤᠨ ᠤ ᠵᠠᠬᠢᠳᠠᠯ ᠰᠣᠷᠪᠤᠯᠵᠢᠯᠠᠯ ᠤᠨ | ᠲᠣᠪᠴᠢᠶ᠎ᠠ ᠳᠤ ᠬᠦᠷᠴᠦ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠬᠤ ᠠᠵᠢᠯᠯᠠᠭ᠎ᠠ ᠥᠷᠨᠢᠭᠦᠯᠪᠡ᠃ ᠬᠤᠸᠠ ᠴᠧᠩ ᠰᠤᠷᠪᠤᠯᠵᠢᠯᠠᠬᠤ ᠪᠠᠷ ᠢᠷᠡᠭᠰᠡᠨ ᠤᠯᠠᠨ | ᠲᠦᠮᠡᠨ ᠤ ᠬᠦᠰᠡᠯ ᠱᠠᠭᠠᠷᠳᠠᠯᠭ᠎ᠠ ᠪᠣᠯᠤᠨ ᠰᠠᠨᠠᠯ ᠢ ᠨᠠᠷᠢᠨ ᠬᠢᠨᠠᠮᠠᠭᠠᠢ ᠰᠣᠨᠣᠰᠴᠤ᠂᠂ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠪᠠ᠃ | 8 ᠰᠠᠷ᠎ᠠ ᠶᠢᠨ 26 ᠤ ᠡᠳᠦᠷ᠂ ᠬᠤᠸᠠ ᠴᠧᠩ ᠰᠢᠨᠡᠪᠠᠯᠭᠠᠰᠤᠨ ᠳᠤ ᠭᠦᠨᠵᠡᠭᠡᠶᠢᠷᠡᠵᠦ᠂ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠶᠢ | ᠰᠡᠷᠭᠦᠭᠡᠬᠦ ᠪᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠦᠯᠡᠳᠡᠭᠳᠡᠯ ᠤᠰᠤᠨ ᠤ ᠴᠢᠨᠠᠷ ᠢ ᠴᠡᠪᠡᠷᠰᠢᠭᠦᠯᠬᠦ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | 8 ᠰᠠᠷ᠎ᠠ ᠶᠢᠨ 27 ᠤ ᠡᠳᠦᠷ᠂ ᠬᠠᠩᠭᠢᠨ ᠬᠤᠰᠢᠭᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠶᠢᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ | ᠪᠤᠳᠤᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠡᠳ᠋ ᠬᠥᠷᠥᠩᠭᠡ ᠶᠢᠨ ᠬᠠᠷᠢᠭᠤᠴᠠᠯᠭ᠎ᠠ ᠶᠢ ᠬᠢᠨᠠᠨ ᠪᠣᠳᠤᠬᠤ ᠬᠤᠷᠠᠯ ᠬᠤᠷᠠᠯᠳᠤᠪᠠ᠃ | ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠪᠠᠶᠠᠨᠴᠡᠩᠭᠡᠯ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | 8 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠤᠭᠤᠢᠢᠳᠠᠯ᠎ᠠ ᠪᠠᠯᠭᠠᠰᠤ ᠪᠠ ᠵᠢᠷᠭᠠᠯᠠᠩᠲᠤ ᠪᠠᠯᠭᠠᠰᠤᠨ ᠳᠤ | ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠢᠬᠢᠷ ᠡᠪᠡᠰᠦ ᠳᠠᠷᠢᠬᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠹᠠᠩ ᠯᠢ ᠶᠠᠨ᠂ ᠴᠢᠷᠮᠠᠢ ᠣᠷᠣᠯᠴᠠᠪᠠ᠃ | 8 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠲᠠᠷᠢᠶᠠᠨᠭᠤᠣᠯ ᠳᠤ | ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠨᠠᠮ ᠤᠨ | ᠬᠤᠷᠢᠶ᠎ᠠ᠂ ᠲᠣᠰᠬᠤᠨ ᠤ ᠺᠠᠳ᠋ᠷᠴᠤᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠤᠬᠠᠶ ᠶᠢᠨ ᠲᠠᠯᠠᠪᠠᠢ ᠳᠤ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠪᠡ᠃ ᠬᠤᠰᠢᠭᠤᠨ ᠤ ᠤᠳᠤᠷᠢᠳᠤᠯᠭ᠎ᠠ ᠯᠢᠦ ᠬᠠᠶ ᠴᠢᠤᠸᠠᠨ᠂ ᠵᠠᠩ ᠵᠧᠨ ᠭᠦᠸᠧ ᠣᠷᠣᠯᠴᠠᠵᠠᠶ᠃ | 8 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠰᠢᠨᠡᠪᠠᠯᠭᠠᠰᠤᠨ ᠳᠤ | ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠤᠳᠤᠷᠢᠳᠤᠯᠭ᠎ᠠ | ᠠᠯᠲᠠᠨᠳᠠᠯᠠᠢ᠂ ᠯᠢᠦ ᠬᠠᠢ ᠴᠢᠤᠸᠠᠨ ᠣᠷᠣᠯᠴᠠᠪᠠ᠃ ᠵᠠᠩ ᠵᠦᠩ ᠫᠢᠩ ᠤᠷᠢᠳ ᠬᠤᠵᠢᠳ ᠰᠢᠨᠡᠪᠤᠯᠠᠭ ᠭᠠᠴᠠᠭ᠎ᠠ᠂ ᠠᠮᠠᠨᠴᠢᠷᠭ᠎ᠠ ᠲᠣᠰᠬᠤᠨ᠂ ᠠᠯᠲᠠᠨᠲᠥ᠋ᠪᠰᠢ | ᠭᠠᠴᠠᠭ᠎ᠠ ᠳᠤ ᠬᠦᠷᠴᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠭᠠᠵᠠᠷ ᠰᠢᠷᠣᠢ ᠶᠢᠨ ᠡᠷᠭᠢᠯᠲᠡ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠵᠥᠪᠳᠡᠯᠴᠡᠨ᠂ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ |