10 ᠳ᠋ᠤᠭᠠᠷ ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠡᠷᠭᠢᠯᠡᠭᠰᠡᠨ ᠲᠦᠷᠦᠭᠦᠤ ᠭᠤᠷᠪᠠᠨ ᠤᠯᠠᠷᠢᠯ ᠳᠠᠬᠢ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ ᠄ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 17875.5 ᠳ᠋ᠦᠩᠰᠢᠭᠤᠷ | ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠡᠢ᠃ ᠠᠵᠤ ᠦᠢᠯᠡᠰ ᠢᠶᠠᠷ | ᠢᠯᠭᠠᠨ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 846.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9012.5 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8017.0 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠪᠡ᠃ | ᠡᠨᠡ ᠵᠢᠯ ᠠᠴᠠ ᠨᠠᠭᠠᠰᠢ ᠂ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢᠶᠠᠨ ᠪᠣᠯᠭᠠᠵᠤ ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ | ᠦᠨᠳᠦᠰᠦᠨ ᠵᠣᠷᠢᠭ ᠰᠠᠨᠠᠭ᠎ᠠ ᠶᠢ ᠪᠠᠷᠢᠮᠲᠠᠯᠠᠨ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ ᠪᠣᠯᠭᠠᠵᠤ ᠂ | ᠬᠦᠴᠢᠷ ᠢ ᠰᠥᠷᠦᠨ ᠤᠷᠤᠭᠰᠢᠯᠠᠵᠤ ᠂ ᠢᠳᠡᠪᠬᠢᠲᠡᠢ ᠠᠵᠢᠯᠯᠠᠨ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ︽ ᠵᠢᠷᠭᠤᠭᠠᠨ | ᠢᠨᠵᠧᠨᠧᠷᠢᠩ ︾ ᠢ ᠲᠦᠷᠭᠡᠳᠬᠡᠨ ᠬᠡᠷᠡᠭᠵᠢᠭᠦᠯᠵᠦ ᠂ ᠪᠦᠬᠦ ᠣᠷᠣᠨ ᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠢᠶᠠᠷ ᠠᠬᠢᠭᠤᠯᠪᠠ᠃ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠤ ᠪᠠᠨ ᠲᠣᠭᠲᠠᠭᠤᠨ ᠪᠠᠶᠢᠨ᠎ᠠ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ | ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ | ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠠᠮᠤᠷ ᠤᠨ ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠠᠬᠢᠵᠤ ᠪᠤᠢ ︔ | ᠭᠤᠷᠪᠠᠳᠤᠭᠠᠷ ᠤᠯᠠᠷᠢᠯ ᠤᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠮᠢᠳᠤ ᠭᠠᠭ᠋ᠠᠢ ᠶᠢᠨ ᠲᠤᠭ᠎ᠠ 634.6 ᠲᠦᠮᠡ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.0 ᠢᠶᠠᠷ ᠨᠡᠮᠡᠭᠳᠡᠪᠡ︔ ᠦᠬᠡᠷ ᠤᠨ ᠲᠤᠭ᠎ᠠ 948.4 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠢᠶᠠᠷ | ᠨᠡᠮᠡᠭᠳᠡᠪᠡ︔ ᠬᠤᠨᠢ ᠢᠮᠠᠭᠠᠨ ᠤ ᠲᠤᠭ᠎ᠠ 6353.9 ᠲᠦᠮᠡ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ᠃ ᠲᠦᠷᠦᠭᠦᠤ | ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠢ᠂ ᠦᠬᠡᠷ᠂ ᠬᠤᠨᠢ ᠢᠮᠠᠭ᠎ᠠ ᠂ ᠵᠢᠭᠦᠷᠲᠡᠨ ᠤ ᠮᠢᠬᠠᠨ ᠤ ᠭᠠᠷᠤᠯᠲᠠ 199.4 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 5.0% ᠢᠶᠠᠷ ᠨᠡᠮᠡᠭᠳᠡᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠭᠤᠷᠪᠠᠨ ᠶᠡᠭᠡ ᠲᠦᠷᠦᠯ ᠤᠨ ᠠᠵᠤ | ᠦᠢᠯᠡᠳᠪᠦᠷᠢ ᠪᠠᠷ ᠢᠯᠭᠠᠨ ᠬᠤᠪᠢᠶᠠᠵᠤ ᠦᠵᠡᠪᠡᠯ ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.2 ᠢᠶᠠᠷ | ᠨᠡᠮᠡᠭᠳᠡᠵᠦ ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.0% ᠢᠶᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ ᠶᠢᠨ | ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9. | 9% ᠪᠠᠷ ᠨᠡᠮᠡᠭᠳᠡᠵᠡᠢ ᠃ ᠦᠢᠯᠡᠳᠬᠦ ᠦᠢᠯᠡᠰ ᠤᠨ ᠳᠣᠲᠣᠷ᠎ᠠ᠂ ᠲᠣᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 41.8% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 31.6 ᠪᠠᠷ ᠨᠡᠮᠡᠭᠳᠡᠵᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠪᠣᠯᠬᠤ ᠦᠢᠯᠡᠳᠬᠦᠨ ᠦᠢᠯᠡᠳᠪᠦᠷᠢᠯᠡᠭᠰᠡᠨ | ᠬᠡᠮᠵᠢᠶ᠎ᠡ ᠠᠴᠠ ᠦᠵᠡᠪᠡᠯ ᠂ ᠪᠦᠬᠦ ᠣᠷᠣᠨ ᠤ ᠨᠡᠭᠦᠷᠡᠰᠦᠨ ᠤ ᠭᠠᠷᠤᠯᠲᠠ 9.5 ᠳ᠋ᠦᠩᠰᠢᠭᠤᠷ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 4.6 ᠪᠠᠷ | ᠨᠡᠮᠡᠭᠳᠡᠪᠡ ︔ ᠴᠠᠬᠢᠯᠭᠠᠨ ᠭᠠᠷᠭᠠᠭᠰᠠᠨ ᠬᠡᠮᠵᠢᠶ᠎ᠡ 5990.7 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 9.6 ᠪᠠᠷ | ᠨᠡᠮᠡᠭᠳᠡᠪᠡ ︔ ᠪᠣᠯᠣᠳ ᠮᠠᠲ᠋ᠧᠷᠢᠶᠠᠯ ᠪᠣᠯᠪᠠᠰᠤᠷᠠᠭᠤᠯᠤᠭᠰᠠᠨ ᠬᠡᠮᠵᠢᠶ᠎ᠡ 2550.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠪᠠᠷ | ᠨᠡᠮᠡᠭᠳᠡᠪᠡ︔ ᠬᠤᠪᠣᠷ ᠰᠢᠷᠣᠢ ᠶᠢᠨ ᠨᠢᠭᠡᠳᠪᠦᠷᠢ ᠪᠠ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠭᠰᠡᠨ ᠬᠡᠮᠵᠢᠶ᠎ᠡ ᠲᠣᠰ ᠲᠣᠰ 2.4 ᠳᠠᠬᠢᠨ ᠪᠠ 1.2 ᠳᠠᠬᠢᠨ | ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 20.9% ᠪᠠᠷ ᠨᠡᠮᠡᠭᠳᠡᠵᠡᠢ᠃ | ᠦᠢᠯᠡᠴᠢᠯᠡᠭᠡᠨ ᠤ ᠦᠢᠯᠡᠰ ᠦᠷᠭᠦᠯᠵᠢᠯᠡᠨ ᠦᠷᠨᠢᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠦᠮᠦᠷᠭᠡᠯᠡᠨ ᠬᠠᠳᠠᠭᠠᠯᠠᠬᠤ ᠪᠠ ᠰᠢᠤᠳᠠᠨ ᠤ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠡᠢ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢᠨ ᠳᠠᠭᠠᠤ ᠲᠦᠷᠭᠡᠳᠬᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ | ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 11.0 ᠢᠶᠠᠷ | ᠨᠡᠮᠡᠭᠳᠡᠵᠦ᠂ 1 — 8 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠴᠡᠭ ᠢᠶᠠᠷ ᠳᠡᠭᠡᠭᠰᠢᠯᠡᠵᠡᠢ᠃ ᠭᠤᠣᠯᠳᠠᠯᠭ᠎ᠠ ᠪᠣᠯᠬᠤ ᠪᠡᠯᠡ ᠣᠷᠣᠭᠤᠯᠤᠯᠲᠠ ᠪᠠᠷ ᠢᠯᠭᠠᠨ | ᠬᠤᠪᠢᠶᠠᠵᠤ ᠦᠵᠡᠪᠡᠯ ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ ᠂ ᠦᠢᠯᠡᠳᠬᠦ | ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠵᠡᠢ ᠃ ᠠᠵᠤ ᠦᠢᠯᠡᠰ ᠢᠶᠠᠷ ᠢᠯᠭᠠᠨ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 59.8% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 4.6 ᠪᠠᠷ ᠨᠡᠮᠡᠭᠳᠡᠵᠡᠢ᠃ ᠬᠤᠶᠠᠳᠤᠭᠠᠷ ᠠᠵᠤ ᠦᠢᠯᠡᠰ ᠤᠨ ᠳᠣᠲᠣᠷ᠎ᠠ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠬᠤᠪᠢ ᠨᠡᠮᠡᠷᠢᠯᠡᠭᠰᠡᠨ ᠨᠣᠷᠮ᠎ᠠ ᠨᠢ 65.4% ᠳᠤ | ᠬᠦᠷᠴᠡᠢ᠃ | ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠲᠣᠭᠲᠠᠭᠤᠨ ᠢᠶᠠᠷ ᠳᠡᠭᠡᠭᠰᠢᠯᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ | ᠵᠦᠢᠯᠡᠰ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 3909.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4 ᠪᠠᠷ | ᠨᠡᠮᠡᠭᠳᠡᠨ᠂ 1 — 8 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠴᠡᠭ ᠢᠶᠠᠷ ᠲᠦᠷᠭᠡᠳᠪᠡ᠃ ᠡᠵᠡᠩᠨᠡᠵᠦ ᠪᠦᠬᠦᠢ ᠨᠢᠭᠡᠴᠢ ᠶᠢᠨ ᠪᠠᠶᠢᠭ᠎ᠠ ᠭᠠᠵᠠᠷ ᠢᠶᠠᠷ | ᠢᠯᠭᠠᠨ ᠬᠤᠪᠢᠶᠠᠵᠤ ᠦᠵᠡᠪᠡᠯ ᠂ ᠬᠤᠲᠠ ᠪᠠᠯᠭᠠᠰᠤᠨ ᠤ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3. | 3 ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.3% ᠪᠠᠷ | ᠨᠡᠮᠡᠭᠳᠡᠪᠡ᠃ ᠡᠭᠦᠨ ᠤ ᠬᠠᠮᠲᠤ᠂ ᠪᠥᠬᠦ ᠣᠷᠣᠨ ᠤ ᠬᠢᠵᠠᠭᠠᠷᠯᠠᠬᠤ ᠬᠡᠪᠴᠢᠶᠡᠨ ᠠᠴᠠ ᠳᠠᠪᠠᠭᠤᠯᠤᠭᠰᠠᠨ ᠨᠢᠭᠡᠴᠢ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ | ᠬᠡᠷᠡᠭᠯᠡᠭᠡ ᠶᠢᠨ ᠵᠦᠢᠯᠡᠰ ᠤᠨ ᠲᠥᠷᠥᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠤᠨ | ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 63.5%᠂ 79.3% ᠪᠠ 89.3 ᠪᠠᠷ ᠨᠡᠮᠡᠭᠳᠡᠪᠡ᠃ | ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠥᠨ | ᠳᠤᠮᠳᠠᠴᠢ ᠡᠵᠡᠮᠳᠡᠵᠦ ᠪᠣᠯᠬᠤ ᠣᠷᠣᠯᠭ᠎ᠠ 29724 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠬᠠᠷᠢᠴᠠᠩᠭᠤᠢ ᠨᠡᠮᠡᠭᠳᠡᠵᠡᠢ᠃ | ᠪᠠᠶᠢᠩᠭᠤ ᠰᠠᠭᠤᠭ᠎ᠠ ᠭᠠᠵᠠᠷ ᠢᠶᠠᠷ ᠢᠯᠭᠠᠨ ᠬᠤᠪᠢᠶᠠᠵᠤ ᠦᠵᠡᠪᠡᠯ ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ 39070 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠬᠠᠷᠢᠴᠠᠩᠭᠤᠢ ᠨᠡᠮᠡᠭᠳᠡᠵᠡᠢ︔ ᠮᠠᠯᠵᠢᠬᠤ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 14753 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 6.4% ᠪᠠᠷ ᠬᠠᠷᠢᠴᠠᠩᠭᠤᠢ ᠨᠡᠮᠡᠭᠳᠡᠪᠡ᠃ |