ᠪᠥᠬᠦ ᠬᠤᠲᠠ ᠶᠢᠨ ᠪᠠᠶᠢᠭᠤᠯᠵᠤ ᠪᠠᠶᠢᠭ᠎ᠠ 162 ᠲᠥᠷᠥᠯ ᠵᠦᠢᠯ ᠢ ᠴᠥᠮ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠲᠠᠪᠴᠠᠩ ᠵᠢᠴᠢ ᠲᠠᠷᠢᠶᠠᠴᠢᠨ | ᠮᠠᠯᠴᠢᠨ ᠬᠦᠴᠦ ᠶᠠᠪᠤᠭᠰᠠᠳ ᠤᠨ ᠴᠠᠯᠢᠩ ᠣᠯᠭᠤᠮᠵᠢ ᠣᠯᠭᠤᠬᠤ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠳᠤ ᠣᠷᠣᠭᠤᠯᠵᠤ᠂ 71 ︽ | ᠬᠤᠶᠠᠷ ᠨᠢᠭᠡᠴᠢ ᠰᠠᠭᠤᠵᠤ ᠬᠤᠶᠠᠷ ᠵᠦᠢᠯ ᠢ ᠪᠠᠶᠢᠴᠠᠭᠠᠬᠤ︾ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠰᠣᠩᠭᠤᠨ ᠲᠣᠮᠢᠯᠠᠵᠤ ᠰᠠᠷ᠎ᠠ ᠪᠠᠷ | ᠪᠠᠶᠢᠴᠠᠭᠠᠯᠲᠠ ᠥᠷᠨᠢᠭᠦᠯᠵᠦ᠂ ᠭᠤᠷᠪᠠᠳᠠᠬᠢ ᠡᠲᠡᠭᠡᠳ ᠢ ᠠᠰᠢᠭᠯᠠᠨ ᠴᠠᠯᠢᠩ ᠣᠯᠭᠤᠮᠵᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠦᠷᠢᠮ ᠳᠤ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠦᠷᠭᠦᠯᠵᠢᠯᠡᠨ ᠦᠨᠡᠯᠡᠯᠲᠡ ᠬᠢᠵᠦ ᠰᠢᠮᠳᠠᠭᠤᠯᠤᠨ ᠪᠠᠶᠢᠴᠠᠭᠠᠬᠤ ᠪᠣᠯᠣᠨ᠎ᠠ᠃ ᠲᠠᠷᠢᠶᠠᠴᠢᠨ ᠮᠠᠯᠴᠢᠨ ᠬᠦᠴᠦ | ᠶᠠᠪᠤᠭᠰᠠᠳ ᠤᠨ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠪᠠᠨ ᠬᠠᠮᠠᠭᠠᠯᠠᠬᠤ | ᠦᠢᠯᠡᠴᠢᠯᠡᠭᠡᠨ ᠤ ᠲᠥᠪ ᠢ ᠪᠠᠶᠢᠭᠤᠯᠤᠨ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ᠂ ᠬᠥᠨᠳᠡᠯᠡᠨ ᠠᠴᠠ ᠲᠠᠰᠤᠯᠬᠤ ᠳᠤ ︽ᠨᠢᠭᠡ ᠴᠣᠩᠬᠤᠪᠴᠢ ᠪᠠᠷ ᠬᠦᠯᠢᠶᠡᠨ | ᠠᠪᠴᠤ ᠰᠢᠢᠳᠪᠦᠷᠢᠯᠡᠬᠦ ᠥᠭᠡᠷᠡᠴᠢᠯᠡᠯᠲᠡ︾ ᠶᠢ ᠬᠡᠷᠡᠭᠵᠢᠭᠦᠯᠵᠦ᠂ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠲᠤᠰᠬᠠᠢ ᠮᠡᠷᠭᠡᠵᠢᠯᠲᠡᠨ ᠤ ᠬᠥᠮᠥᠷᠭᠡ ᠶᠢ | ᠪᠠᠶᠢᠭᠤᠯᠵᠤ᠂ ᠲᠥᠷᠥᠯ ᠵᠦᠢᠯ ᠤᠨ ᠨᠢᠭᠡᠳᠦᠭᠡᠷ ᠹᠷᠣᠨᠲ ᠲᠤ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠡᠷᠬᠡ ᠪᠠᠨ ᠬᠠᠮᠠᠭᠠᠯᠠᠬᠤ ᠠᠵᠢᠯ ᠤᠨ ᠲᠠᠰᠤᠭ ᠢ 171 | ᠪᠠᠶᠢᠭᠤᠯᠪᠠ᠃ ᠬᠡᠷᠡᠭ ᠤᠨ ᠰᠦᠪᠡᠭᠴᠢ ᠶᠢ ᠨᠢ ᠬᠠᠷᠭᠤᠭᠤᠯᠵᠤ ᠰᠢᠢᠳᠪᠦᠷᠢᠯᠡᠬᠦ ᠶᠢ ᠴᠢᠩᠭᠠᠷᠠᠭᠤᠯᠵᠤ᠂ 1 — 9 ᠳ᠋ᠦ᠋ᠭᠡᠷ ᠰᠠᠷ᠎ᠠ ᠳᠤ ᠬᠥᠮᠦᠨ ᠬᠡᠷᠡᠭᠯᠡᠭᠰᠡᠨ | ᠨᠢᠭᠡᠴᠢ ᠶᠢ ᠨᠡᠶᠢᠲᠡ 1190 ᠡᠷᠦᠬᠡ ᠪᠠᠶᠢᠴᠠᠭᠠᠵᠤ᠂ ᠬᠥᠳᠡᠯᠮᠦᠷᠢᠯᠡᠭᠴᠢᠳ ᠲᠤ ᠬᠤᠯᠪᠣᠭᠳᠠᠭᠰᠠᠨ ᠨᠢ 14.16 ᠲᠦᠮᠡᠨ ᠬᠥᠮᠦᠨ ᠤᠳᠠᠭ᠎ᠠ᠂ ᠴᠠᠯᠢᠩ ᠥᠷᠢᠲᠦᠵᠦ | ᠡᠷᠬᠡ ᠪᠠᠨ ᠬᠠᠮᠠᠭᠠᠯᠠᠬᠤ ᠰᠦᠪᠡᠭᠴᠢ ᠶᠢ 2.1 ᠲᠦᠮᠡ ᠢᠯᠡᠭᠦᠦ ᠰᠢᠢᠳᠪᠦᠷᠢᠯᠡᠨ ᠳᠠᠭᠤᠰᠬᠠᠵᠤ᠂ 4.1 ᠲᠦᠮᠡᠨ ᠬᠥᠮᠦᠨ ᠤᠳᠠᠭ᠎ᠠ ᠲᠠᠷᠢᠶᠠᠴᠢᠨ ᠮᠠᠯᠴᠢᠨ ᠬᠦᠴᠦ | ᠶᠠᠪᠤᠭᠰᠠᠳ ᠤᠨ 6.5 ᠳ᠋ᠦᠩᠰᠢᠭᠤᠷ ᠲᠥᠭᠦᠷᠢᠭ ᠤᠨ ᠴᠠᠯᠢᠩ ᠣᠯᠭᠤᠮᠵᠢ ᠶᠢ ᠨᠡᠬᠡᠮᠵᠢᠯᠡᠨ ᠣᠯᠭᠤᠪᠠ᠃ ︵ᠣᠷᠳᠣᠰ ᠬᠤᠲᠠ ᠶᠢᠨ ᠵᠠᠰᠠᠭ ᠤᠨ ᠣᠷᠳᠣᠨ︶ |