ᠨᠢᠭᠡ᠂ ᠬᠡᠷᠡᠭᠵᠢᠭᠦᠯᠬᠦ ᠵᠣᠷᠢᠯᠭ᠎ᠠ | ᠮᠠᠨ ᠤ ᠬᠤᠰᠢᠭᠤᠨ ᠤ ᠪᠤᠶᠢᠳᠠ ᠪᠥᠭᠯᠡᠭᠦᠤ ᠭᠠᠵᠠᠷ ᠣᠷᠣᠨ ᠤ ᠮᠠᠯᠴᠢᠨ ᠲᠠᠷᠢᠶᠠᠴᠢᠳ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠨᠠᠩ ᠰᠠᠶᠢᠨ ᠨᠠᠩ ᠲᠦᠷᠭᠡᠨ | ᠰᠢᠢᠳᠪᠦᠷᠢᠯᠡᠨ᠂ ᠲᠡᠳᠡᠨ ᠤ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ | ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠡᠷᠦᠬᠡ ᠶᠢᠨ ᠦᠨᠳᠦᠰᠦᠨ ᠠᠮᠢᠳᠤᠷᠠᠯ ᠢ ᠪᠠᠲᠤᠯᠠᠬᠤ ᠪᠠ ᠦᠨᠳᠦᠰᠦᠨ ᠦᠢᠯᠡᠳᠪᠦᠷᠢᠯᠡᠯ ᠤᠨ ᠴᠠᠬᠢᠯᠭᠠᠨ ᠨᠡᠪᠲᠡᠷᠡᠭᠦᠯᠵᠦ | ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2023︺ 50 ᠳ᠋ᠤᠭᠠᠷ ᠲᠣᠭᠠᠲᠤ︶ ︽ | ᠪᠤᠶᠢᠳᠠ ᠪᠥᠭᠯᠡᠭᠦᠤ ᠭᠠᠵᠠᠷ ᠣᠷᠣᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠳᠠᠬᠢᠨ ᠣᠶᠢᠯᠠᠭᠠᠨ ᠵᠢᠭᠰᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠵᠠᠬᠢᠳᠠᠯ︾ ︵ᠥᠪᠥᠷ ᠡᠨᠧᠷᠭᠢ ᠰᠢᠨ᠎ᠡ ᠡᠨᠧᠷᠭᠢ ᠵᠠᠬᠢᠳᠠᠯ ﹇2023﹈ 1038 | ᠳ᠋ᠤᠭᠠᠷ ᠲᠣᠭᠠᠲᠤ︶ ᠪᠠ ︽ᠪᠤᠶᠢᠳᠠ ᠪᠥᠭᠯᠡᠭᠦᠤ ᠭᠠᠵᠠᠷ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ | ᠲᠠᠰ ᠳᠡᠪᠰᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ | ᠣᠷᠳᠣᠰ ᠵᠠᠰᠠᠭ ᠠᠯᠪᠠᠨ ᠲᠠᠷᠬᠠᠭᠠᠭᠰᠠᠨ ﹇2023﹈ 115 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2024 ᠣᠨ ᠤ ᠡᠴᠦᠰ ᠪᠣᠯᠲᠠᠯ᠎ᠠ᠂ ᠮᠠᠨ ᠤ | ᠬᠤᠰᠢᠭᠤᠨ ᠤ ᠪᠤᠶᠢᠳᠠ ᠪᠥᠭᠯᠡᠭᠦᠤ ᠭᠠᠵᠠᠷ ᠣᠷᠣᠨ ᠤ 295 ᠮᠠᠯᠵᠢᠬᠤ ᠲᠠᠷᠢᠶᠠᠯᠠᠬᠤ ᠡᠷᠦᠬᠡ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠰᠠᠭᠤᠳᠠᠯ ᠢ | ᠰᠢᠢᠳᠪᠦᠷᠢᠯᠡᠨ᠎ᠡ᠃ | ᠬᠤᠶᠠᠷ᠂ ᠬᠡᠷᠡᠭᠵᠢᠭᠦᠯᠬᠦ ᠡᠲᠡᠭᠡᠳ | ᠬᠡᠷᠡᠭᠵᠢᠭᠦᠯᠬᠦ ᠡᠲᠡᠭᠡᠳ ᠨᠢ ᠳᠣᠤᠷᠠᠬᠢ ᠨᠥᠬᠦᠴᠡᠯ ᠢ ᠬᠠᠩᠭᠠᠬᠤ ᠬᠡᠷᠡᠭᠲᠡᠶ᠄ | 1. ᠮᠠᠨ ᠤ ᠬᠤᠰᠢᠭᠤᠨ ᠤ ᠪᠤᠶᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠨᠡᠪᠲᠡᠷᠡᠭᠰᠡᠨ ᠥᠬᠡᠶ ᠪᠥᠭᠡᠳ ᠴᠠᠬᠢᠯᠭᠠᠨ ᠨᠡᠪᠲᠡᠷᠡᠬᠦ ᠨᠥᠬᠦᠴᠡᠯ ᠳᠤ ᠨᠡᠶᠢᠴᠡᠬᠦ | ᠥᠬᠡᠶ ᠮᠠᠯᠵᠢᠬᠤ ᠲᠠᠷᠢᠶᠠᠯᠠᠬᠤ ᠡᠷᠦᠬᠡ᠃ | 2. ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠳᠡᠰ ᠲᠡᠪᠰᠢᠭᠦᠯᠬᠦ ᠡᠷᠡᠮᠡᠯᠵᠡᠯ ᠲᠠᠢ ᠮᠠᠯᠵᠢᠬᠤ ᠲᠠᠷᠢᠶᠠᠯᠠᠬᠤ | ᠡᠷᠦᠬᠡ᠃ | 3. ᠵᠠᠷᠴᠢᠮ ᠳᠡᠭᠡᠷ᠎ᠡ ᠪᠠᠨ ᠮᠠᠯᠵᠢᠬᠤ ᠲᠠᠷᠢᠶᠠᠯᠠᠬᠤ ᠡᠷᠦᠬᠡ ᠶᠢᠨ ᠣᠷᠳᠣ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠭᠠᠵᠠᠷ ᠣᠷᠣᠨ ᠳᠤ 1 ᠢᠵᠢ ᠰᠢᠨ᠎ᠡ | ᠡᠨᠧᠷᠭᠢ ᠶᠢᠨ ᠴᠠᠬᠢᠯᠭᠠᠨ ᠬᠠᠩᠭᠠᠬᠤ ᠳᠥᠬᠦᠭᠡᠷᠦᠮᠵᠢ ︵ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠳᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠲᠠᠰ | ᠳᠡᠪᠰᠢᠭᠦᠯᠬᠦ ᠪᠠᠭᠲᠠᠭᠠᠮᠵᠢ ᠶᠢᠨ ᠪᠠᠷᠢᠮᠵᠢᠶ᠎ᠠ ᠨᠢ 2 ᠺᠢᠯᠣᠸᠠᠲ︶ ᠬᠠᠩᠭᠠᠨ᠎ᠠ᠃ | 4. ᠲᠦᠷ ᠰᠠᠭᠤᠵᠤ ᠪᠠᠶᠢᠭ᠎ᠠ ᠭᠠᠵᠠᠷ ᠣᠷᠳᠣᠨ ᠳᠤ ᠬᠡᠷᠡᠭᠵᠢᠭᠦᠯᠬᠦ ᠦᠭᠡᠢ᠃ | ᠭᠤᠷᠪᠠ᠂ ᠬᠡᠷᠡᠭᠵᠢᠭᠦᠯᠬᠦ ᠴᠠᠭ ᠬᠤᠭᠤᠴᠠᠭ᠎ᠠ | 2024 ᠣᠨ ᠤ 3 ᠰᠠᠷ᠎ᠠ ᠠᠴᠠ 2024 ᠣᠨ ᠤ 12 ᠰᠠᠷ᠎ᠠ ᠪᠣᠯᠲᠠᠯ᠎ᠠ᠃ | ᠳᠥᠷᠪᠡ᠂ ᠬᠡᠷᠡᠭᠵᠢᠭᠦᠯᠬᠦ ᠭᠤᠤᠯ ᠴᠣᠭᠴᠠ | ᠲᠤᠰ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠣᠨ᠎ᠠ᠃ | ᠲᠠᠪᠤ᠂ ᠦᠨ᠎ᠡ ᠬᠠᠩᠰᠢ ᠪᠠ ᠵᠠᠷᠤᠳᠠᠯ | 1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ᠂ ᠮᠠᠯᠴᠢᠨ ᠲᠠᠷᠢᠶᠠᠴᠢᠨ | ᠡᠷᠦᠬᠡ 70%:7.5%:7.5%:15% ᠶᠢᠨ ᠬᠠᠷᠢᠴᠠᠯ ᠢᠶᠠᠷ ᠬᠤᠪᠢᠶᠠᠨ ᠡᠭᠦᠷᠭᠡᠯᠡᠵᠦ᠂ ᠡᠷᠦᠬᠡ ᠪᠦᠷᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠶᠡᠷᠦᠩᠬᠡᠢ ᠵᠠᠷᠤᠳᠠᠯ ᠢ 3.1 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠶᠢᠵᠤ᠂ ᠡᠷᠦᠬᠡ ᠪᠦᠷᠢ ᠶᠢᠨ ᠥᠪᠡᠷᠲᠡᠭᠡᠨ ᠬᠠᠷᠢᠭᠤᠴᠠᠬᠤ | ᠵᠠᠷᠤᠳᠠᠯ ᠢ 4650 ᠲᠥᠭᠦᠷᠢᠭ ᠠᠴᠠ ᠳᠠᠪᠠᠭᠤᠯᠬᠤ ᠦᠭᠡᠢ᠃ | 2. ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠤᠨ ᠥᠮᠴᠢᠯᠡᠬᠦ ᠡᠷᠬᠡ ᠨᠢ ᠬᠡᠷᠡᠭᠯᠡᠭᠴᠢ ᠳᠤ ᠥᠮᠴᠢᠯᠡᠭᠳᠡᠨ᠎ᠡ᠃ | ᠵᠢᠷᠭᠤᠭ᠎ᠠ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | 1. ᠡᠯ᠎ᠡ ᠰᠤᠮᠤ ᠪᠠᠯᠭᠠᠰᠤ ︽ᠰᠢᠨ᠎ᠡ ᠡᠨᠧᠷᠭᠢ ᠶᠢ ᠳᠡᠰ ᠳᠡᠪᠰᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠵᠤ᠂ | ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠲᠣᠰ ᠰᠠᠷ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠢᠶᠠᠨ ᠵᠢᠩᠬᠢᠨᠢ | ᠪᠢᠴᠢᠭ ᠮᠠᠲ᠋ᠧᠷᠢᠶᠠᠯ ᠢᠶᠠᠷ ᠬᠤᠰᠢᠭᠤᠨ ᠤ ᠡᠨᠧᠷᠭᠢ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ | 2. ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠲᠤᠰ ᠱᠠᠲᠤᠨ ᠤ ᠪᠡᠯᠡ ᠮᠥᠩᠭᠦ ᠶᠢ ᠴᠠᠭ ᠲᠤᠬᠠᠶ ᠳᠤᠨᠢ ᠲᠣᠬᠢᠷᠠᠭᠤᠯᠬᠤ ᠶᠢ ᠪᠠᠲᠤᠯᠠᠵᠤ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠬᠠᠮᠲᠤ ᠪᠡᠯᠡ ᠮᠥᠩᠭᠦ ᠶᠢᠨ ᠬᠡᠷᠡᠭᠯᠡᠯᠲᠡ ᠪᠠ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ᠃ | 3. ᠡᠯ᠎ᠡ ᠰᠤᠮᠤ ᠪᠠᠯᠭᠠᠰᠤ ᠨᠢ ᠪᠥᠲᠥᠭᠡᠨ ᠪᠠᠶᠢᠭᠤᠯᠤᠯᠲᠠ ᠶᠢᠨ ᠲᠥᠰᠦᠯ ᠶᠣᠰᠣᠭᠠᠷ᠂ ᠲᠤᠰᠬᠠᠶ ᠬᠥᠮᠦᠨ ᠲᠣᠮᠢᠯᠠᠨ ᠬᠡᠷᠡᠭᠵᠢᠭᠦᠯᠬᠦ ᠭᠤᠤᠯ ᠴᠣᠭᠴᠠ ᠶᠢᠨ | ᠨᠢᠭᠡᠴᠡ ᠲᠠᠢ ᠬᠠᠮᠵᠢᠯᠴᠠᠨ ᠡᠷᠦᠬᠡ ᠳᠤ ᠣᠷᠣᠵᠤ ᠰᠢᠨ᠎ᠡ ᠡᠨᠧᠷᠭᠢ ᠶᠢᠨ ᠳᠥᠬᠦᠭᠡᠷᠦᠮᠵᠢ ᠤᠭᠰᠠᠷᠠᠬᠤ ᠶᠢ ᠵᠣᠬᠢᠴᠠᠭᠤᠯᠬᠤ ᠠᠵᠢᠯ ᠥᠷᠨᠢᠭᠦᠯᠦᠨ᠎ᠡ᠃ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠤᠭᠰᠠᠷᠠᠬᠤ ᠣᠷᠣᠨ ᠪᠠᠶᠢᠷᠢ ᠶᠢ ᠵᠦᠶ ᠵᠣᠬᠢᠰᠲᠠᠶ ᠲᠣᠭᠲᠠᠭᠠᠵᠤ᠂ ᠬᠡᠷ ᠤᠨ | ᠳᠣᠲᠣᠨ᠎ᠠ ᠭᠠᠳᠠᠨᠠᠬᠢ ᠵᠠᠮ ᠱᠤᠭᠤᠮ ᠢ ᠱᠠᠯᠠᠪᠳᠠᠨ ᠲᠣᠭᠲᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯ ᠳᠠᠭᠤᠰᠤᠭᠰᠠᠨ ᠤ | ᠳᠠᠷᠠᠭ᠎ᠠ ᠮᠠᠯᠵᠢᠬᠤ ᠲᠠᠷᠢᠶᠠᠯᠠᠬᠤ ᠡᠷᠦᠬᠡ ᠪᠠᠷ ᠳᠥᠬᠦᠭᠡᠷᠦᠮᠵᠢ ᠤᠭᠰᠠᠷᠠᠭᠰᠠᠨ ᠨᠤᠲᠠᠯᠠᠬᠤ ᠬᠠᠭᠤᠳᠠᠰᠤᠨ ᠳᠤ ᠭᠠᠷ ᠤᠨ ᠦᠰᠦᠭ ᠵᠢᠷᠤᠭᠤᠯᠵᠤ᠂ ᠨᠢᠭᠡ ᠭᠠᠷᠠᠭ ᠤᠨ | ᠳᠣᠲᠣᠷ᠎ᠠ ᠤᠭᠰᠠᠷᠠᠬᠤ ᠪᠠ ᠲᠣᠬᠢᠷᠠᠭᠤᠯᠤᠨ ᠲᠤᠷᠰᠢᠬᠤ ᠠᠵᠢᠯ ᠢ ᠳᠠᠭᠤᠰᠬᠠᠨ᠂ ᠮᠠᠯᠴᠢᠨ ᠲᠠᠷᠢᠶᠠᠴᠢᠨ ᠤ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠢ | ᠨᠥᠯᠥᠭᠡᠯᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃ | 4. ᠬᠤᠰᠢᠭᠤᠨ ᠤ ᠡᠨᠧᠷᠭᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠳᠥᠬᠦᠭᠡᠷᠦᠮᠵᠢ ᠶᠢᠨ ᠶᠠᠰᠤ ᠴᠢᠨᠠᠷ ᠤᠨ ᠪᠥᠬᠦ ᠶᠠᠪᠤᠴᠠ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠳᠥᠬᠦᠭᠡᠷᠦᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | 5. ᠬᠤᠰᠢᠭᠤᠨ ᠤ ᠡᠨᠧᠷᠭᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠪᠣᠳᠠᠲᠤ ᠪᠠᠶᠢᠳᠠᠯ ᠢᠶᠠᠨ ᠦᠨᠳᠦᠰᠦᠯᠡᠨ ᠬᠡᠷᠡᠭᠵᠢᠭᠦᠯᠬᠦ ᠭᠤᠤᠯ ᠴᠣᠭᠴᠠ ᠶᠢᠨ | ᠨᠢᠭᠡᠴᠡ ᠲᠠᠢ ᠬᠠᠮᠲᠤᠷᠠᠨ ᠬᠠᠮᠠᠭᠠᠯᠠᠯᠲᠠ ᠶᠢᠨ ᠦᠢᠯᠡᠴᠢᠯᠡᠭᠡᠨ ᠤ ᠲᠥᠰᠦᠯ ᠢ ᠲᠣᠭᠲᠠᠭᠠᠵᠤ᠂ ᠳᠥᠬᠦᠭᠡᠷᠦᠮᠵᠢ ᠤᠭᠰᠠᠷᠠᠬᠤ ᠨᠢᠭᠡᠴᠡ ᠪᠠ ᠰᠢᠨ᠎ᠡ ᠡᠨᠧᠷᠭᠢ ᠶᠢᠨ | ᠲᠥᠬᠦᠭᠡᠷᠦᠮᠵᠢ ᠶᠢᠨ ᠬᠠᠩᠭᠠᠯᠭ᠎ᠠ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠮᠠᠭᠠᠯᠠᠬᠤ ᠬᠡᠪᠴᠢᠶ᠎ᠡ᠂ ᠬᠠᠮᠠᠭᠠᠯᠠᠬᠤ ᠱᠠᠭᠠᠷᠳᠠᠯᠭ᠎ᠠ᠂ ᠬᠠᠮᠠᠭᠠᠯᠠᠬᠤ | ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠵᠤ᠂ ᠵᠠᠷᠴᠢᠮ ᠳᠡᠭᠡᠷ᠎ᠡ ᠪᠠᠨ ᠲᠥᠬᠦᠭᠡᠷᠦᠮᠵᠢ ᠶᠢᠨ ᠶᠠᠰᠤ ᠴᠢᠨᠠᠷ ᠢ ᠪᠠᠲᠤᠯᠠᠬᠤ ᠬᠤᠭᠤᠴᠠᠭ᠎ᠠ ᠶᠢ 5 ᠵᠢᠯ ᠠᠴᠠ ᠳᠣᠷᠤᠭᠰᠢ | ᠪᠠᠶᠢᠯᠭᠠᠵᠤ ᠪᠣᠯᠬᠤ ᠥᠬᠡᠶ᠃ | |