ᠬᠠᠩᠭᠢᠨ ᠬᠤᠰᠢᠭᠤᠨ ᠤ ᠪᠣᠶᠢᠳᠠ ᠪᠥᠭᠯᠡᠭᠦᠦ ᠭᠠᠵᠠᠷ ᠣᠷᠣᠨ ᠳᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ  ᠪᠦᠲᠦᠭᠡᠨ ᠪᠠᠶᠢᠭᠤᠯᠤᠯᠲᠠ ᠶᠢᠨ ᠳᠡᠰ ᠲᠡᠪᠰᠢᠭᠦᠯᠬᠦ ᠠᠵᠢᠯ ᠤᠨ ᠲᠥᠰᠦᠯ
ᠨᠡᠶᠢᠲᠡᠯᠡᠭᠰᠡᠨ ᠴᠠᠭ᠄
2024/11/13
    ᠨᠢᠭᠡ᠂ ᠬᠡᠷᠡᠭᠵᠢᠭᠦᠯᠬᠦ ᠵᠣᠷᠢᠯᠭ᠎ᠠ    ᠮᠠᠨ ᠤ ᠬᠤᠰᠢᠭᠤᠨ ᠤ ᠪᠤᠶᠢᠳᠠ ᠪᠥᠭᠯᠡᠭᠦᠤ ᠭᠠᠵᠠᠷ ᠣᠷᠣᠨ ᠤ ᠮᠠᠯᠴᠢᠨ ᠲᠠᠷᠢᠶᠠᠴᠢᠳ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠨᠠᠩ ᠰᠠᠶᠢᠨ ᠨᠠᠩ ᠲᠦᠷᠭᠡᠨ ᠰᠢᠢᠳᠪᠦᠷᠢᠯᠡᠨ᠂ ᠲᠡᠳᠡᠨ ᠤ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠡᠷᠦᠬᠡ ᠶᠢᠨ ᠦᠨᠳᠦᠰᠦᠨ ᠠᠮᠢᠳᠤᠷᠠᠯ ᠢ ᠪᠠᠲᠤᠯᠠᠬᠤ ᠪᠠ ᠦᠨᠳᠦᠰᠦᠨ ᠦᠢᠯᠡᠳᠪᠦᠷᠢᠯᠡᠯ ᠤᠨ ᠴᠠᠬᠢᠯᠭᠠᠨ ᠨᠡᠪᠲᠡᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2023︺ 50 ᠳ᠋ᠤᠭᠠᠷ ᠲᠣᠭᠠᠲᠤ︶ ︽ᠪᠤᠶᠢᠳᠠ ᠪᠥᠭᠯᠡᠭᠦᠤ ᠭᠠᠵᠠᠷ ᠣᠷᠣᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠳᠠᠬᠢᠨ ᠣᠶᠢᠯᠠᠭᠠᠨ ᠵᠢᠭᠰᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠵᠠᠬᠢᠳᠠᠯ︾ ︵ᠥᠪᠥᠷ ᠡᠨᠧᠷᠭᠢ ᠰᠢᠨ᠎ᠡ ᠡᠨᠧᠷᠭᠢ ᠵᠠᠬᠢᠳᠠᠯ ﹇2023﹈ 1038 ᠳ᠋ᠤᠭᠠᠷ ᠲᠣᠭᠠᠲᠤ︶ ᠪᠠ ︽ᠪᠤᠶᠢᠳᠠ ᠪᠥᠭᠯᠡᠭᠦᠤ ᠭᠠᠵᠠᠷ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠲᠠᠰ ᠳᠡᠪᠰᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2023﹈ 115 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2024 ᠣᠨ ᠤ ᠡᠴᠦᠰ ᠪᠣᠯᠲᠠᠯ᠎ᠠ᠂ ᠮᠠᠨ ᠤ ᠬᠤᠰᠢᠭᠤᠨ ᠤ ᠪᠤᠶᠢᠳᠠ ᠪᠥᠭᠯᠡᠭᠦᠤ ᠭᠠᠵᠠᠷ ᠣᠷᠣᠨ ᠤ 295 ᠮᠠᠯᠵᠢᠬᠤ ᠲᠠᠷᠢᠶᠠᠯᠠᠬᠤ ᠡᠷᠦᠬᠡ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠰᠠᠭᠤᠳᠠᠯ ᠢ ᠰᠢᠢᠳᠪᠦᠷᠢᠯᠡᠨ᠎ᠡ᠃    ᠬᠤᠶᠠᠷ᠂ ᠬᠡᠷᠡᠭᠵᠢᠭᠦᠯᠬᠦ ᠡᠲᠡᠭᠡᠳ    ᠬᠡᠷᠡᠭᠵᠢᠭᠦᠯᠬᠦ ᠡᠲᠡᠭᠡᠳ ᠨᠢ ᠳᠣᠤᠷᠠᠬᠢ ᠨᠥᠬᠦᠴᠡᠯ ᠢ ᠬᠠᠩᠭᠠᠬᠤ ᠬᠡᠷᠡᠭᠲᠡᠶ᠄    1. ᠮᠠᠨ ᠤ ᠬᠤᠰᠢᠭᠤᠨ ᠤ ᠪᠤᠶᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠨᠡᠪᠲᠡᠷᠡᠭᠰᠡᠨ ᠥᠬᠡᠶ ᠪᠥᠭᠡᠳ ᠴᠠᠬᠢᠯᠭᠠᠨ ᠨᠡᠪᠲᠡᠷᠡᠬᠦ ᠨᠥᠬᠦᠴᠡᠯ ᠳᠤ ᠨᠡᠶᠢᠴᠡᠬᠦ ᠥᠬᠡᠶ ᠮᠠᠯᠵᠢᠬᠤ ᠲᠠᠷᠢᠶᠠᠯᠠᠬᠤ ᠡᠷᠦᠬᠡ᠃     2. ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠳᠡᠰ ᠲᠡᠪᠰᠢᠭᠦᠯᠬᠦ ᠡᠷᠡᠮᠡᠯᠵᠡᠯ ᠲᠠᠢ ᠮᠠᠯᠵᠢᠬᠤ ᠲᠠᠷᠢᠶᠠᠯᠠᠬᠤ ᠡᠷᠦᠬᠡ᠃    3. ᠵᠠᠷᠴᠢᠮ ᠳᠡᠭᠡᠷ᠎ᠡ ᠪᠠᠨ ᠮᠠᠯᠵᠢᠬᠤ ᠲᠠᠷᠢᠶᠠᠯᠠᠬᠤ ᠡᠷᠦᠬᠡ ᠶᠢᠨ ᠣᠷᠳᠣ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠭᠠᠵᠠᠷ  ᠣᠷᠣᠨ ᠳᠤ 1 ᠢᠵᠢ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠳᠥᠬᠦᠭᠡᠷᠦᠮᠵᠢ ︵ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠳᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠲᠠᠰ ᠳᠡᠪᠰᠢᠭᠦᠯᠬᠦ ᠪᠠᠭᠲᠠᠭᠠᠮᠵᠢ ᠶᠢᠨ ᠪᠠᠷᠢᠮᠵᠢᠶ᠎ᠠ ᠨᠢ 2 ᠺᠢᠯᠣᠸᠠᠲ︶ ᠬᠠᠩᠭᠠᠨ᠎ᠠ᠃    4. ᠲᠦᠷ ᠰᠠᠭᠤᠵᠤ ᠪᠠᠶᠢᠭ᠎ᠠ ᠭᠠᠵᠠᠷ ᠣᠷᠳᠣᠨ ᠳᠤ ᠬᠡᠷᠡᠭᠵᠢᠭᠦᠯᠬᠦ ᠦᠭᠡᠢ᠃    ᠭᠤᠷᠪᠠ᠂ ᠬᠡᠷᠡᠭᠵᠢᠭᠦᠯᠬᠦ ᠴᠠᠭ ᠬᠤᠭᠤᠴᠠᠭ᠎ᠠ    2024 ᠣᠨ ᠤ 3 ᠰᠠᠷ᠎ᠠ ᠠᠴᠠ 2024 ᠣᠨ ᠤ 12 ᠰᠠᠷ᠎ᠠ ᠪᠣᠯᠲᠠᠯ᠎ᠠ᠃    ᠳᠥᠷᠪᠡ᠂ ᠬᠡᠷᠡᠭᠵᠢᠭᠦᠯᠬᠦ ᠭᠤᠤᠯ ᠴᠣᠭᠴᠠ    ᠲᠤᠰ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠣᠨ᠎ᠠ᠃    ᠲᠠᠪᠤ᠂ ᠦᠨ᠎ᠡ ᠬᠠᠩᠰᠢ ᠪᠠ ᠵᠠᠷᠤᠳᠠᠯ    1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ᠂ ᠮᠠᠯᠴᠢᠨ ᠲᠠᠷᠢᠶᠠᠴᠢᠨ ᠡᠷᠦᠬᠡ 70%:7.5%:7.5%:15% ᠶᠢᠨ ᠬᠠᠷᠢᠴᠠᠯ ᠢᠶᠠᠷ ᠬᠤᠪᠢᠶᠠᠨ ᠡᠭᠦᠷᠭᠡᠯᠡᠵᠦ᠂ ᠡᠷᠦᠬᠡ ᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠵᠠᠷᠤᠳᠠᠯ ᠢ 3.1 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠶᠢᠵᠤ᠂ ᠡᠷᠦᠬᠡ ᠪᠦᠷᠢ ᠶᠢᠨ ᠥᠪᠡᠷᠲᠡᠭᠡᠨ ᠬᠠᠷᠢᠭᠤᠴᠠᠬᠤ ᠵᠠᠷᠤᠳᠠᠯ ᠢ 4650 ᠲᠥᠭᠦᠷᠢᠭ ᠠᠴᠠ ᠳᠠᠪᠠᠭᠤᠯᠬᠤ ᠦᠭᠡᠢ᠃    2. ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠤᠨ ᠥᠮᠴᠢᠯᠡᠬᠦ ᠡᠷᠬᠡ ᠨᠢ ᠬᠡᠷᠡᠭᠯᠡᠭᠴᠢ ᠳᠤ ᠥᠮᠴᠢᠯᠡᠭᠳᠡᠨ᠎ᠡ᠃    ᠵᠢᠷᠭᠤᠭ᠎ᠠ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ    1. ᠡᠯ᠎ᠡ ᠰᠤᠮᠤ ᠪᠠᠯᠭᠠᠰᠤ ︽ᠰᠢᠨ᠎ᠡ ᠡᠨᠧᠷᠭᠢ ᠶᠢ ᠳᠡᠰ ᠳᠡᠪᠰᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠵᠤ᠂ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠲᠣᠰ ᠰᠠᠷ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠢᠶᠠᠨ ᠵᠢᠩᠬᠢᠨᠢ ᠪᠢᠴᠢᠭ ᠮᠠᠲ᠋ᠧᠷᠢᠶᠠᠯ ᠢᠶᠠᠷ ᠬᠤᠰᠢᠭᠤᠨ ᠤ ᠡᠨᠧᠷᠭᠢ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃    2. ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠲᠤᠰ ᠱᠠᠲᠤᠨ ᠤ ᠪᠡᠯᠡ ᠮᠥᠩᠭᠦ ᠶᠢ ᠴᠠᠭ ᠲᠤᠬᠠᠶ ᠳᠤᠨᠢ ᠲᠣᠬᠢᠷᠠᠭᠤᠯᠬᠤ ᠶᠢ ᠪᠠᠲᠤᠯᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠬᠠᠮᠲᠤ ᠪᠡᠯᠡ ᠮᠥᠩᠭᠦ ᠶᠢᠨ ᠬᠡᠷᠡᠭᠯᠡᠯᠲᠡ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃    3. ᠡᠯ᠎ᠡ ᠰᠤᠮᠤ ᠪᠠᠯᠭᠠᠰᠤ ᠨᠢ ᠪᠥᠲᠥᠭᠡᠨ ᠪᠠᠶᠢᠭᠤᠯᠤᠯᠲᠠ ᠶᠢᠨ ᠲᠥᠰᠦᠯ ᠶᠣᠰᠣᠭᠠᠷ᠂ ᠲᠤᠰᠬᠠᠶ ᠬᠥᠮᠦᠨ ᠲᠣᠮᠢᠯᠠᠨ ᠬᠡᠷᠡᠭᠵᠢᠭᠦᠯᠬᠦ ᠭᠤᠤᠯ ᠴᠣᠭᠴᠠ ᠶᠢᠨ ᠨᠢᠭᠡᠴᠡ ᠲᠠᠢ ᠬᠠᠮᠵᠢᠯᠴᠠᠨ ᠡᠷᠦᠬᠡ ᠳᠤ ᠣᠷᠣᠵᠤ ᠰᠢᠨ᠎ᠡ ᠡᠨᠧᠷᠭᠢ ᠶᠢᠨ ᠳᠥᠬᠦᠭᠡᠷᠦᠮᠵᠢ ᠤᠭᠰᠠᠷᠠᠬᠤ ᠶᠢ ᠵᠣᠬᠢᠴᠠᠭᠤᠯᠬᠤ ᠠᠵᠢᠯ ᠥᠷᠨᠢᠭᠦᠯᠦᠨ᠎ᠡ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠤᠭᠰᠠᠷᠠᠬᠤ ᠣᠷᠣᠨ ᠪᠠᠶᠢᠷᠢ ᠶᠢ ᠵᠦᠶ ᠵᠣᠬᠢᠰᠲᠠᠶ ᠲᠣᠭᠲᠠᠭᠠᠵᠤ᠂ ᠬᠡᠷ ᠤᠨ ᠳᠣᠲᠣᠨ᠎ᠠ ᠭᠠᠳᠠᠨᠠᠬᠢ ᠵᠠᠮ ᠱᠤᠭᠤᠮ ᠢ ᠱᠠᠯᠠᠪᠳᠠᠨ ᠲᠣᠭᠲᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯ ᠳᠠᠭᠤᠰᠤᠭᠰᠠᠨ ᠤ ᠳᠠᠷᠠᠭ᠎ᠠ ᠮᠠᠯᠵᠢᠬᠤ ᠲᠠᠷᠢᠶᠠᠯᠠᠬᠤ ᠡᠷᠦᠬᠡ ᠪᠠᠷ ᠳᠥᠬᠦᠭᠡᠷᠦᠮᠵᠢ ᠤᠭᠰᠠᠷᠠᠭᠰᠠᠨ ᠨᠤᠲᠠᠯᠠᠬᠤ ᠬᠠᠭᠤᠳᠠᠰᠤᠨ ᠳᠤ ᠭᠠᠷ ᠤᠨ ᠦᠰᠦᠭ ᠵᠢᠷᠤᠭᠤᠯᠵᠤ᠂ ᠨᠢᠭᠡ ᠭᠠᠷᠠᠭ ᠤᠨ ᠳᠣᠲᠣᠷ᠎ᠠ ᠤᠭᠰᠠᠷᠠᠬᠤ ᠪᠠ ᠲᠣᠬᠢᠷᠠᠭᠤᠯᠤᠨ ᠲᠤᠷᠰᠢᠬᠤ ᠠᠵᠢᠯ ᠢ  ᠳᠠᠭᠤᠰᠬᠠᠨ᠂ ᠮᠠᠯᠴᠢᠨ ᠲᠠᠷᠢᠶᠠᠴᠢᠨ ᠤ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃    4. ᠬᠤᠰᠢᠭᠤᠨ ᠤ ᠡᠨᠧᠷᠭᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠳᠥᠬᠦᠭᠡᠷᠦᠮᠵᠢ ᠶᠢᠨ ᠶᠠᠰᠤ ᠴᠢᠨᠠᠷ ᠤᠨ ᠪᠥᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠳᠥᠬᠦᠭᠡᠷᠦᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃    5. ᠬᠤᠰᠢᠭᠤᠨ ᠤ ᠡᠨᠧᠷᠭᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠪᠣᠳᠠᠲᠤ ᠪᠠᠶᠢᠳᠠᠯ ᠢᠶᠠᠨ ᠦᠨᠳᠦᠰᠦᠯᠡᠨ ᠬᠡᠷᠡᠭᠵᠢᠭᠦᠯᠬᠦ ᠭᠤᠤᠯ ᠴᠣᠭᠴᠠ ᠶᠢᠨ ᠨᠢᠭᠡᠴᠡ ᠲᠠᠢ ᠬᠠᠮᠲᠤᠷᠠᠨ ᠬᠠᠮᠠᠭᠠᠯᠠᠯᠲᠠ ᠶᠢᠨ ᠦᠢᠯᠡᠴᠢᠯᠡᠭᠡᠨ ᠤ ᠲᠥᠰᠦᠯ ᠢ ᠲᠣᠭᠲᠠᠭᠠᠵᠤ᠂  ᠳᠥᠬᠦᠭᠡᠷᠦᠮᠵᠢ ᠤᠭᠰᠠᠷᠠᠬᠤ ᠨᠢᠭᠡᠴᠡ ᠪᠠ ᠰᠢᠨ᠎ᠡ ᠡᠨᠧᠷᠭᠢ ᠶᠢᠨ ᠲᠥᠬᠦᠭᠡᠷᠦᠮᠵᠢ ᠶᠢᠨ ᠬᠠᠩᠭᠠᠯᠭ᠎ᠠ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠮᠠᠭᠠᠯᠠᠬᠤ ᠬᠡᠪᠴᠢᠶ᠎ᠡ᠂ ᠬᠠᠮᠠᠭᠠᠯᠠᠬᠤ ᠱᠠᠭᠠᠷᠳᠠᠯᠭ᠎ᠠ᠂ ᠬᠠᠮᠠᠭᠠᠯᠠᠬᠤ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠵᠤ᠂ ᠵᠠᠷᠴᠢᠮ ᠳᠡᠭᠡᠷ᠎ᠡ ᠪᠠᠨ ᠲᠥᠬᠦᠭᠡᠷᠦᠮᠵᠢ ᠶᠢᠨ ᠶᠠᠰᠤ ᠴᠢᠨᠠᠷ ᠢ ᠪᠠᠲᠤᠯᠠᠬᠤ ᠬᠤᠭᠤᠴᠠᠭ᠎ᠠ ᠶᠢ 5 ᠵᠢᠯ ᠠᠴᠠ  ᠳᠣᠷᠤᠭᠰᠢ ᠪᠠᠶᠢᠯᠭᠠᠵᠤ ᠪᠣᠯᠬᠤ ᠥᠬᠡᠶ᠃    
ᠢᠷᠡᠯᠲᠡ᠄ ᠬᠠᠩᠭᠢᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ