ᠨᠢᠭᠡ᠂ ᠲᠤᠭᠤᠷᠪᠢᠭᠰᠠᠨ ᠠᠬᠤᠶ ᠪᠠᠶᠢᠳᠠᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ︽ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢᠨ ᠴᠠᠯᠢᠩ ᠤᠨ ᠣᠷᠣᠯᠭ᠎ᠠ ᠶᠢ ᠨᠠᠶᠢᠳᠠᠪᠤᠷᠢᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ︾ ᠪᠠ ︽ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠤᠨ ᠣᠷᠣᠯᠭ᠎ᠠ ᠶᠢ ᠲᠤᠬᠠᠶ ᠶᠢᠨ ᠭᠠᠵᠠᠷ ᠤᠨ ᠠᠯᠪᠠᠲᠠᠨ ᠤ ᠴᠠᠯᠢᠩ ᠤᠨ ᠣᠷᠣᠯᠭ᠎ᠠ ᠲᠠᠢ ᠬᠥᠳᠡᠯᠦᠩᠭᠦᠶ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ︾ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠰᠢᠨᠵᠢᠯᠡᠬᠦ ᠤᠬᠠᠭᠠᠨᠴᠢ ᠪᠠᠷ ᠬᠦᠴᠦᠲᠡᠶ ᠪᠠᠲᠤᠯᠠᠵᠤ᠂ ᠪᠥᠬᠦ ᠬᠤᠰᠢᠭᠤᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠭᠰᠢ ᠶᠢᠨ ᠰᠠᠭᠤᠷᠢ ᠶᠢ ᠪᠠᠲᠤᠳᠬᠠᠬᠤ ᠶᠢᠨ ᠲᠤᠰᠠᠳᠠ᠂ ᠲᠣᠰ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠬᠤᠶᠠᠷ᠂ ᠲᠤᠭᠤᠷᠪᠢᠭᠰᠠᠨ ᠦᠨᠳᠦᠰᠦᠯᠡᠯ | 1. ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ | 2. ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠤᠯᠠᠮ ᠨᠢᠭᠡ ᠠᠯᠬᠤᠮ ᠪᠠᠲᠤᠯᠠᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ 89 ᠳ᠋ᠦ᠋ᠭᠡᠷ ᠲᠣᠭᠠᠲᠤ︶ | 3. ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ﹇2018﹈ 4 ᠳ᠋ᠤᠭᠡᠷ | ᠲᠣᠭᠠᠲᠤ︶ | ᠭᠤᠷᠪᠠ᠂ ᠭᠤᠣᠯ ᠡᠭᠦᠷᠭᠡ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠨ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠪᠠ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠎ᠠ᠃ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ | ᠲᠦᠪᠰᠢᠨ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠤᠯᠤᠰ ᠲᠥᠷᠥ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ᠃ | ᠳᠥᠷᠪᠡ᠂ ᠭᠤᠤᠯ ᠠᠭᠤᠯᠭ᠎ᠠ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠵᠢᠴᠢ ᠡᠩ ᠲᠡᠷᠢᠭᠦᠨ ᠳᠤ ᠣᠯᠭᠤᠬᠤ | ᠲᠣᠭᠲᠠᠴᠠ ᠶᠢ ᠪᠠᠶᠢᠭᠤᠯᠤᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠭᠰᠢ ᠨᠠᠷ ᠤᠨ ᠴᠠᠯᠢᠩ ᠣᠯᠭᠤᠮᠵᠢ ᠳᠤ ᠬᠡᠷᠡᠭᠰᠡᠬᠦ | ᠵᠠᠷᠤᠳᠠᠯ ᠤᠨ ᠵᠠᠷᠤᠯᠭ᠎ᠠ ᠶᠢ ᠡᠩ ᠲᠡᠷᠢᠭᠦᠨ ᠳᠤ ᠰᠢᠢᠳᠪᠦᠷᠢᠯᠡᠬᠦ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠣᠯᠭᠤᠮᠵᠢ ᠶᠢᠨ | ᠨᠠᠶᠢᠳᠠᠪᠤᠷᠢᠵᠢᠭᠤᠯᠤᠯᠲᠠ ᠶᠢ ᠬᠠᠤᠯᠢ ᠶᠣᠰᠣᠭᠠᠷ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠢ ᠰᠠᠷ᠎ᠠ ᠪᠦᠷᠢ ᠴᠠᠭ | ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠲᠠᠯᠪᠢᠬᠤ ᠶᠢ ᠪᠠᠲᠤᠯᠠᠬᠤ ᠬᠡᠷᠡᠭᠲᠡᠶ᠃ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ | ᠬᠢᠭᠡᠳ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢ ᠬᠠᠮᠲᠤ ᠳᠤ ᠨᠢ ᠲᠥᠰᠦᠪᠯᠡᠵᠦ᠂ ᠵᠡᠷᠭᠡ ᠳᠤ ᠨᠢ ᠳᠣᠭᠢᠷᠠᠭᠤᠯᠤᠨ ᠨᠠᠶᠢᠳᠠᠪᠤᠷᠢᠵᠢᠭᠤᠯᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠢ ᠪᠥᠬᠦ ᠬᠤᠰᠢᠭᠤᠨ ᠤ ᠠᠯᠪᠠᠲᠠᠨ ᠤ ᠳᠤᠮᠳᠠᠴᠢ | ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠠᠴᠠ ᠳᠣᠤᠷ᠎ᠠ ᠪᠠᠶᠢᠯᠭᠠᠬᠤ ᠥᠬᠡᠶ ᠪᠤᠶᠤ ᠥᠨᠳᠥᠷ ᠪᠠᠶᠢᠯᠭᠠᠬᠤ ᠶᠢ ᠪᠠᠲᠤᠯᠠᠨ᠎ᠠ᠃ | ︵ᠬᠤᠶᠠᠷ︶ ᠪᠠᠭᠰᠢ ᠨᠠᠷ ᠤᠨ ᠴᠠᠯᠢᠩ ᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠪᠠᠭᠰᠢ ᠨᠠᠷ ᠤᠨ ᠴᠠᠯᠢᠩ ᠢ ᠠᠯᠪᠠᠲᠠᠨ ᠤ | ᠴᠠᠯᠢᠩ ᠯᠤᠭ᠎ᠠ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠵᠤ᠂ ᠪᠠᠭᠰᠢ ᠨᠠᠷ ᠤᠨ ᠴᠠᠯᠢᠩ ᠢ ᠠᠯᠪᠠᠲᠠᠨ ᠤ ᠴᠠᠯᠢᠩ ᠲᠠᠢ ᠵᠡᠷᠭᠡ ᠪᠠᠷ | ᠲᠣᠬᠢᠷᠠᠭᠤᠯᠤᠯᠲᠠ ᠬᠢᠨ᠎ᠡ᠃ ᠠᠯᠪᠠᠲᠠᠨ ᠤ ᠣᠷᠣᠨ ᠨᠤᠲᠤᠭ ᠤᠨ ᠴᠢᠨᠠᠷᠲᠠᠶ ᠨᠥᠬᠦᠪᠥᠷᠢ ᠶᠢ ᠨᠡᠮᠡᠵᠦ ᠣᠯᠭᠤᠬᠤ ᠦᠶ᠎ᠡ ᠳᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠨᠠᠷ ᠢ ᠱᠠᠩᠨᠠᠬᠤ ᠶᠡᠷᠦᠩᠬᠡᠶ ᠬᠡᠮᠵᠢᠶ᠎ᠡ ᠶᠢ ᠵᠡᠷᠭᠡ ᠳᠤᠨᠢ ᠨᠡᠮᠡᠭᠳᠡᠭᠦᠯᠬᠦ ᠬᠡᠷᠡᠭᠲᠡᠶ᠃ ᠲᠤᠰ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠢᠶᠠᠷ | ᠰᠠᠭᠤᠷᠢ ᠪᠠᠷᠢᠮᠵᠢᠶ᠎ᠠ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠤᠰ | ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠠᠴᠠ ᠳᠣᠤᠷ᠎ᠠ ᠪᠠᠶᠢᠯᠭᠠᠬᠤ ᠦᠭᠡᠶ ᠪᠤᠶᠤ ᠲᠡᠭᠦᠨ ᠠᠴᠠ ᠥᠨᠳᠥᠷ ᠪᠠᠶᠢᠯᠭᠠᠬᠤ ᠶᠢ | ᠦᠨᠡᠨᠬᠦ ᠪᠠᠲᠤᠯᠠᠨ᠎ᠠ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠣᠯᠭᠤᠮᠵᠢ ᠶᠢ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ᠎ᠠ ᠃ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ ᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠳᠤᠮᠳᠠᠴᠢ ᠣᠷᠣᠯᠭ᠎ᠠ ᠶᠢᠨ | ᠬᠢᠷᠢ ᠬᠡᠮᠵᠢᠶ᠎ᠡ ᠶᠢ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠠᠴᠠ ᠳᠣᠤᠷ᠎ᠠ ᠪᠠᠶᠢᠯᠭᠠᠬᠤ ᠦᠭᠡᠶ ᠪᠤᠶᠤ ᠲᠡᠭᠦᠨ ᠠᠴᠠ ᠥᠨᠳᠥᠷ | ᠪᠠᠶᠢᠯᠭᠠᠬᠤ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠬᠡᠷᠡᠭᠲᠡᠶ᠃ ᠬᠡᠷᠪᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠵᠢᠯ ᠪᠦᠷᠢ ᠶᠢᠨ | ᠳᠤᠮᠳᠠᠴᠢ ᠣᠷᠣᠯᠭ᠎ᠠ ᠨᠢ ᠠᠯᠪᠠᠲᠠᠨ ᠤ ᠵᠢᠯ ᠪᠦᠷᠢ ᠶᠢᠨ ᠳᠤᠮᠳᠠᠴᠢ ᠣᠷᠣᠯᠭ᠎ᠠ ᠠᠴᠠ ᠳᠣᠤᠷ᠎ᠠ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠬᠠᠷᠢᠭᠤ | ᠮᠡᠳᠡᠭᠦᠯᠵᠦ᠂ ᠵᠣᠬᠢᠴᠠᠩᠭᠤᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠳᠤ ᠳᠥᠭᠦᠮ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ | ᠨᠠᠷ ᠤᠨ ᠳᠤᠮᠳᠠᠴᠢ ᠣᠷᠣᠯᠭ᠎ᠠ ᠶᠢᠨ ᠬᠢᠷᠢ ᠬᠡᠮᠵᠢᠶ᠎ᠡ ᠶᠢ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠠᠴᠠ ᠳᠣᠤᠷ᠎ᠠ ᠦᠭᠡᠶ ᠪᠠᠶᠢᠯᠭᠠᠬᠤ ᠶᠢ ᠪᠠᠲᠤᠯᠠᠨ᠎ᠠ᠃ | ︵ᠲᠦᠷᠪᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠣᠯᠭᠤᠮᠵᠢ ᠶᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠃ ᠬᠤᠰᠢᠭᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠣᠬᠢᠴᠠᠭᠤᠯᠭ᠎ᠠ ᠨᠡᠪᠲᠡᠷᠡᠯᠴᠡᠭᠡ ᠪᠠ ᠠᠵᠢᠯ ᠤᠨ ᠵᠣᠯᠭᠠᠯᠴᠠᠭ᠎ᠠ ᠪᠠᠨ | ᠴᠢᠩᠭᠠᠳᠬᠠᠵᠤ᠂ ᠪᠠᠭᠰᠢ ᠶᠢᠨ ᠴᠠᠯᠢᠩ ᠣᠯᠭᠤᠮᠵᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠪᠠ ᠲᠤᠰᠬᠠᠬᠤ | ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠎ᠡ᠃ | |