12 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠶ ᠬᠤᠲᠠ ᠶᠢᠨ ᠲᠡᠷᠭᠡ ᠵᠢᠯᠣᠭᠤᠳᠤᠨ ᠶᠠᠪᠠᠭᠠᠨ ᠬᠦᠮᠦᠨ ᠢ ᠳᠠᠭᠠᠷᠢᠭᠰᠠᠨ | ᠬᠡᠷᠡᠭ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠶᠠᠪᠤᠳᠠᠯ ᠤᠨ | ᠲᠥᠬᠦᠭᠡᠷᠦᠮᠵᠢ ᠶᠢᠨ ᠬᠠᠮᠠᠭᠠᠯᠠᠯᠲᠠ ᠶᠢᠨ ᠬᠠᠤᠯᠢ︾ ᠵᠢᠴᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠤᠭ᠎ᠠ ᠪᠦᠷᠢᠳᠬᠡᠯ ᠤᠨ ᠬᠠᠤᠯᠢ︾ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠤᠨ ︽2024 - | 2025 ᠣᠨ ᠤ ᠡᠪᠦᠯ ᠤᠨ ᠤᠯᠠᠷᠢᠯ ᠤᠨ ᠬᠦᠢᠲᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ | ᠰᠠᠶᠢᠲᠤᠷ ᠬᠢᠬᠦ ᠲᠤᠬᠠᠶ ᠬᠤᠯᠪᠣᠭᠳᠠᠯ ᠪᠦᠬᠦᠢ ᠰᠠᠨᠠᠭᠤᠯᠤᠮᠵᠢ︾ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠰᠡᠷᠭᠡᠶᠢᠯᠡᠨ ᠠᠷᠭᠠᠴᠠᠭᠠᠬᠤ ᠪᠡᠯᠡᠳᠬᠡᠯ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠤᠨ᠂ ︽ᠬᠠᠩᠭᠢᠨ ᠬᠤᠰᠢᠭᠤᠨ ᠤ ᠬᠤᠲᠠ ᠶᠢᠨ ᠠᠮᠤᠷ ᠲᠦᠪᠰᠢᠨ ᠬᠥᠭᠵᠢᠯᠲᠡ ᠶᠢ ᠠᠬᠢᠭᠤᠯᠬᠤ | ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 - 2026 ᠣᠨ︶︾ ᠢ ᠰᠤᠳᠤᠯᠪᠠ᠃ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭᠠᠳᠬᠠᠨ | ᠪᠣᠳᠠᠲᠠᠶᠢᠵᠢᠭᠤᠯᠵᠤ᠂ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ᠂ ᠬᠦᠢᠳᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ | ᠰᠡᠷᠭᠡᠶᠢᠯᠡᠨ ᠠᠷᠭᠠᠴᠠᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ᠵᠥᠷᠢᠴᠡᠯ ᠵᠢᠭᠤᠷᠠᠭᠠᠨ ᠠᠶᠤᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠤᠰᠴᠤ᠂ ︽ᠵᠥᠷᠢᠴᠡᠯ ᠵᠢᠭᠤᠷᠠᠭᠠᠨ ᠠᠶᠤᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ︾᠂ ︽ | ᠠᠶᠤᠯᠭᠦᠢ ᠦᠢᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ︾ | ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠤᠷ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠳᠤ ᠦᠢᠯᠡᠴᠢᠯᠡᠬᠦ | ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |