ᠵᠠᠩ ᠵᠥᠩ ᠫᠢᠩ ᠬᠠᠲᠤᠨ ᠭᠤᠤᠯ ᠤᠨ ᠬᠠᠩᠭᠢᠨ ᠬᠤᠰᠢᠭᠤᠨ ᠤ ᠬᠡᠰᠡᠭ ᠲᠠᠬᠢ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/18
    ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠠᠲᠤᠨ ᠭᠤᠤᠯ ᠤᠨ ᠬᠠᠩᠭᠢᠨ ᠬᠤᠰᠢᠭᠤᠨ ᠤ ᠬᠡᠰᠡᠭ ᠲᠠᠬᠢ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠪᠠ ᠪᠠᠴᠢᠮ ᠪᠠᠶᠢᠳᠠᠯ ᠢ  ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     ᠵᠠᠩ ᠵᠥᠩ ᠫᠢᠩ ᠰᠥᠩ ᠬᠠᠯᠢᠶ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ᠂ ᠰᠥᠩ ᠬᠠᠯᠢᠶ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠵᠤ ᠪᠠᠶᠢᠭ᠎ᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠪᠠ᠃ ᠲᠡᠷᠡ᠂ ᠬᠠᠲᠤᠨ ᠭᠤᠤᠯ ᠳᠠᠭᠠᠤ ᠣᠷᠣᠨ ᠤ ᠳᠥᠷᠪᠡᠨ ᠪᠠᠯᠭᠠᠰᠤ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ  ᠨᠠᠶᠢᠳᠠᠪᠤᠷᠢᠵᠢᠭᠤᠯᠤᠨ᠂ ᠴᠠᠭ ᠠᠭᠤᠷ ᠤᠨ ᠬᠤᠪᠢᠷᠠᠯᠲᠠ᠂ ᠤᠰᠤᠨ ᠤ ᠪᠠᠶᠢᠳᠠᠯ᠂ ᠰᠥᠩ ᠬᠠᠯᠢᠶ᠎ᠠ ᠶᠢᠨ ᠪᠠᠶᠢᠳᠠᠯ ᠵᠡᠷᠭᠡ ᠶᠢ  ᠴᠢᠩᠭ᠎ᠠ ᠠᠩᠬᠠᠷᠴᠤ᠂ ᠠᠶᠤᠯᠲᠠᠶ ᠪᠠᠷᠢᠯᠭ᠎ᠠ ᠶᠢᠨ ᠬᠡᠰᠡᠭ᠂ ᠭᠤᠤᠯᠳᠠᠯᠭ᠎ᠠ ᠲᠠᠢ ᠬᠡᠰᠡᠭ ᠤᠨ ᠬᠠᠰᠢᠯᠭ᠎ᠠ ᠶᠢ ᠲᠣᠭᠤᠷᠢᠨ ᠪᠠᠶᠢᠴᠠᠭᠠᠬᠤ ᠶᠢ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠬᠠᠯᠢᠶ᠎ᠠ ᠦᠶᠡᠷ ᠤᠨ ᠬᠤᠭᠤᠴᠠᠭᠠᠨ ᠳᠠᠬᠢ ᠬᠠᠲᠤᠨ ᠭᠤᠤᠯ ᠤᠨ ᠬᠠᠩᠭᠢᠨ ᠬᠤᠰᠢᠭᠤᠨ ᠤ ᠬᠡᠰᠡᠭ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠳᠤ᠂ ᠵᠠᠩ ᠵᠥᠩ ᠫᠢᠩ ᠡᠳ᠋ ᠪᠣᠳᠠᠰ ᠤᠨ ᠨᠥᠭᠡᠴᠡ ᠶᠢᠨ ᠲᠥᠷᠥᠯ ᠵᠦᠢᠯ᠂ ᠲᠤᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠨᠥᠬᠦᠪᠥᠷᠢ ᠪᠠ ᠲᠡᠭᠦᠯᠳᠡᠷᠵᠢᠭᠦᠯᠦᠯᠲᠡ ᠶᠢ ᠦᠷᠭᠦᠯᠵᠢᠯᠡᠨ ᠰᠠᠶᠢᠲᠤᠷ ᠬᠢᠵᠦ᠂ ᠡᠳ᠋ ᠪᠣᠳᠠᠰ ᠤᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂ ᠨᠥᠭᠡᠴᠡᠯᠡᠬᠦ ᠡᠳ᠋ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠬᠦ ᠶᠢ ᠪᠠᠷᠢᠮᠲᠠᠯᠠᠵᠤ᠂ ᠨᠥᠭᠡᠴᠡᠯᠡᠬᠦ ᠡᠳ᠋ ᠪᠣᠳᠠᠰ ᠢ ᠴᠠᠭ ᠲᠤᠬᠠᠶ ᠳᠤᠨᠢ ᠪᠠᠶᠢᠴᠠᠭᠠᠨ ᠠᠷᠠᠴᠢᠯᠠᠨ ᠬᠠᠮᠠᠭᠠᠯᠠᠬᠤ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃   
ᠢᠷᠡᠯᠲᠡ᠄ ᠬᠠᠩᠭᠢᠨ ᠬᠤᠰᠢᠭᠤᠨ ᠤ ᠵᠠᠰᠠᠭ  ᠤᠨ ᠣᠷᠳᠣᠨ