ᠨᠢᠭᠡ᠂ ᠵᠠᠰᠠᠪᠤᠷᠢ ᠣᠷᠤᠭᠤᠯᠤᠭᠰᠠᠨ ᠠᠬᠤᠢ ᠪᠠᠶᠢᠳᠠᠯ | ᠨᠢᠭᠡ ᠳᠤ᠂ ᠰᠢᠨ᠎ᠡ ᠪᠠᠶᠢᠳᠠᠯ ᠪᠠ ᠡᠭᠦᠷᠭᠡ ᠳᠤ ᠵᠣᠬᠢᠴᠠᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠬᠤ ᠶᠢ | ᠦᠨᠡᠨ ᠬᠦ ᠪᠠᠲᠤᠯᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 2022 ᠣᠨ ᠳᠤ ︽ᠣᠷᠳᠣᠰ ᠬᠤᠲᠠ ᠶᠢᠨ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠤᠰᠢᠭᠤᠨ ᠤ ᠱᠠᠲᠤᠨ ᠤ ︽ | ᠪᠡᠯᠡᠳᠬᠡᠯ ᠲᠥᠰᠦᠯ︾ ᠢ ᠬᠤᠲᠠ ᠶᠢᠨ ᠱᠠᠲᠤᠨ ᠤ ᠪᠡᠯᠡᠳᠬᠡᠯ ᠲᠥᠰᠦᠯ ᠲᠠᠢ ᠬᠠᠮᠵᠢᠯᠴᠠᠨ ᠵᠣᠯᠭᠠᠭᠤᠯᠬᠤ ᠴᠢᠬᠤᠯᠠᠲᠠᠶ ᠪᠠᠶᠢᠨ᠎ᠠ᠃ ᠬᠤᠶᠠᠷ ᠲᠤ᠂ ᠰᠠᠯᠠᠭ᠎ᠠ | ᠮᠥᠴᠢᠷ ᠤᠨ ᠠᠵᠢᠯ ᠤᠨ ᠬᠤᠪᠢᠶᠠᠷᠢᠯᠠᠯ ᠬᠠᠮᠵᠢᠯᠴᠠᠭ᠎ᠠ ᠶᠢ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ︽ᠪᠡᠯᠡᠳᠬᠡᠯ ᠲᠥᠰᠦᠯ︾ ᠳᠤ ᠬᠤᠯᠪᠣᠭᠳᠠᠬᠤ ᠮᠠᠰᠢ ᠣᠯᠠᠨ ᠰᠠᠯᠠᠭ᠎ᠠ ᠮᠥᠴᠢᠷ ᠪᠠ ᠨᠢᠭᠡᠴᠡ ᠭᠠᠮᠰᠢᠭ ᠠᠴᠠ | ᠠᠪᠤᠷᠠᠨ ᠲᠤᠰᠠᠯᠠᠬᠤ ᠲᠠᠯ᠎ᠠ ᠶᠢᠨ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠴᠤ᠂ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠰᠢᠨᠡᠴᠢᠯᠡᠨ ᠲᠣᠳᠣᠷᠬᠠᠶᠢᠯᠠᠵᠤ᠂ ᠬᠤᠰᠢᠭᠤᠨ ᠤ ᠱᠠᠲᠤᠨ ᠤ ᠭᠠᠮᠰᠢᠭ ᠠᠴᠠ ᠠᠪᠤᠷᠠᠨ ᠲᠤᠰᠠᠯᠠᠬᠤ | ᠠᠵᠢᠯ ᠤᠨ ᠲᠣᠭᠲᠠᠴᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠳᠤ ᠵᠣᠬᠢᠴᠠᠩᠭᠤᠶ ᠲᠣᠬᠢᠷᠠᠭᠤᠯᠤᠯᠲᠠ ᠬᠢᠵᠦ᠂ ᠵᠢᠷᠤᠮᠵᠢᠭᠤᠯᠬᠤ ᠴᠢᠬᠤᠯᠠᠲᠠᠢ ᠪᠠᠶᠢᠨ᠎ᠠ᠃ | ᠭᠤᠷᠪᠠ ᠳᠤ᠂ ᠡᠯ᠎ᠡ ᠭᠠᠵᠠᠷ ᠣᠷᠣᠨ ᠤ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠵᠣᠬᠢᠶᠠᠨ ᠪᠠᠶᠢᠭᠤᠯᠤᠨ | ᠥᠷᠨᠢᠭᠦᠯᠬᠦ ᠶᠢ ᠨᠠᠩ ᠰᠠᠶᠢᠲᠤᠷ ᠵᠢᠯᠣᠭᠤᠳᠤᠨ᠎ᠠ᠃ ︽ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠬᠤ ᠠᠵᠢᠯ ᠢ ᠲᠦᠷᠭᠡᠬᠡᠨ ᠵᠣᠬᠢᠶᠠᠨ ᠪᠠᠶᠢᠭᠤᠯᠤᠨ | ᠪᠡᠶᠡᠯᠡᠭᠦᠯᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠵᠣᠬᠢᠴᠠᠯᠳᠤᠭᠰᠠᠨ᠂ ᠡᠮᠬᠢ ᠵᠢᠷᠤᠮ ᠲᠠᠢ ᠵᠣᠯᠭᠠᠭᠤᠯᠤᠭᠰᠠᠨ᠂ ᠵᠣᠬᠢᠴᠠᠩᠭᠤᠶ ᠪᠥᠭᠡᠳ ᠨᠢᠭᠡᠳᠦᠯᠲᠡᠶ ᠭᠠᠶ | ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠪᠠᠶᠢᠭᠤᠯᠬᠤ ᠶᠢ ᠳᠥᠯᠭᠢᠨ ᠠᠬᠢᠭᠤᠯᠤᠨ᠎ᠠ᠃ | ᠬᠤᠶᠠᠷ᠂ ᠪᠡᠯᠡᠳᠬᠡᠯ ᠲᠥᠰᠦᠯ ᠤᠨ ᠶᠡᠷᠦᠩᠬᠡᠶ ᠪᠣᠷᠣ ᠲᠥᠯᠥᠪ | ︽ᠪᠡᠯᠡᠳᠬᠡᠯ ᠲᠥᠰᠦᠯ︾ ᠳᠤ ᠨᠡᠶᠢᠲᠡ ᠨᠠᠢᠮᠠᠨ ᠬᠡᠰᠡᠭ ᠠᠭᠤᠯᠭ᠎ᠠ ᠪᠠᠭᠲᠠᠨ᠎ᠠ᠂ ᠡᠭᠦᠨ ᠳᠤ᠄ ᠨᠢᠭᠡᠳᠦᠭᠡᠷ ᠬᠡᠰᠡᠭ ᠨᠢ ᠶᠡᠷᠦᠩᠬᠡᠶ ᠲᠦᠷᠢᠮ᠂ ᠬᠤᠶᠠᠳᠤᠭᠠᠷ | ᠬᠡᠰᠡᠭ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ᠂ ᠭᠤᠷᠪᠠᠳᠤᠭᠠᠷ ᠬᠡᠰᠡᠭ ᠨᠢ ᠭᠠᠮᠰᠢᠭ ᠠᠴᠠ ᠠᠪᠤᠷᠠᠨ ᠲᠤᠰᠠᠯᠠᠬᠤ | ᠪᠡᠯᠡᠳᠬᠡᠯ᠂ ᠳᠥᠷᠪᠡᠳᠦᠭᠡᠷ ᠬᠡᠰᠡᠭ ᠨᠢ ᠨᠢ ᠮᠡᠳᠡᠭᠡ ᠵᠠᠩᠭᠢ ᠶᠢᠨ ᠮᠡᠳᠡᠭᠦᠯᠦᠯᠲᠡ ᠪᠠ ᠨᠡᠶᠢᠲᠡᠯᠡᠯ᠂ ᠲᠠᠪᠤᠳᠤᠭᠠᠷ ᠬᠡᠰᠡᠭ ᠨᠢ ᠪᠠᠴᠢᠮ ᠪᠠᠶᠢᠳᠠᠯ ᠢ ᠠᠷᠭᠠᠴᠠᠭᠠᠬᠤ | ᠠᠵᠢᠯᠯᠠᠭ᠎ᠠ᠂ ᠵᠢᠷᠭᠤᠳᠤᠭᠠᠷ ᠬᠡᠰᠡᠭ ᠨᠢ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠪᠠ ᠰᠡᠷᠭᠦᠭᠡᠨ ᠪᠠᠶᠢᠭᠤᠯᠬᠤ᠂ ᠳᠣᠯᠣᠳᠤᠭᠠᠷ ᠬᠡᠰᠡᠭ ᠨᠢ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ᠂ ᠨᠠᠢᠮᠠᠳᠤᠭᠠᠷ ᠬᠡᠰᠡᠭ ᠨᠢ ᠳᠠᠭᠠᠯᠳᠤᠭᠤᠯᠤᠯ ᠲᠦᠷᠢᠮ ᠪᠣᠯᠤᠨ᠎ᠠ᠃ | ᠭᠤᠷᠪᠠ᠂ ᠵᠠᠰᠠᠪᠤᠷᠢ ᠣᠷᠤᠭᠤᠯᠤᠭᠰᠠᠨ ᠭᠤᠣᠯ ᠠᠭᠤᠯᠭ᠎ᠠ | ᠲᠣᠰ ᠤᠳᠠᠭᠠᠨ ᠤ ︽ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠬᠤ ᠳᠤ ᠳᠡᠭᠡᠳᠦ ᠱᠠᠲᠤᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ | ᠵᠢᠯᠣᠭᠤᠳᠣᠯᠭ᠎ᠠ ᠵᠢᠴᠢ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠡᠯᠡᠳᠬᠡᠯ ᠲᠥᠰᠦᠯ ᠤᠨ ᠪᠣᠷᠣ ᠲᠥᠯᠥᠪ ᠢ ᠪᠠᠶᠢᠭᠤᠯᠵᠤ᠂ ᠪᠡᠯᠡᠳᠬᠡᠯ | ᠲᠥᠰᠦᠯ ᠤᠨ ᠠᠭᠤᠯᠭ᠎ᠠ ᠶᠢ ᠲᠡᠭᠦᠯᠳᠡᠷᠵᠢᠭᠦᠯᠦᠨ᠂ ᠮᠠᠨ ᠤ ᠬᠤᠰᠢᠭᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠪᠣᠳᠠᠲᠠᠶ ᠬᠡᠷᠡᠭᠴᠡᠭᠡ ᠶᠢ | ᠬᠠᠩᠭᠠᠬᠤ ᠶᠢ ᠦᠨᠡᠨ ᠬᠦ ᠪᠠᠲᠤᠯᠠᠨ᠎ᠠ᠃ | ︵ᠨᠢᠭᠡ︶ ᠶᠡᠷᠦᠩᠬᠡᠢ ᠳᠦᠷᠢᠮ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ | ᠵᠠᠷᠴᠢᠮ ᠵᠡᠷᠭᠡ ᠨᠡᠶᠢᠳᠡ 4 ᠬᠡᠰᠡᠭ ᠠᠭᠤᠯᠭ᠎ᠠ ᠪᠠᠭᠲᠠᠨ᠎ᠠ᠃ ᠨᠢᠭᠡ ᠳᠤ᠂ ᠮᠠᠨ ᠤ ᠬᠤᠰᠢᠭᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠬᠠᠮᠤᠭ ᠤᠨ | ᠰᠢᠨ᠎ᠡ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠬᠠᠷᠠᠯᠲᠠ ᠪᠠᠨ ᠲᠣᠳᠣᠷᠬᠠᠶᠢᠯᠠᠪᠠ᠃ ᠬᠤᠶᠠᠷ ᠲᠤ | ᠂ ᠳᠡᠭᠡᠳᠦ ᠱᠠᠲᠤᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠣᠷᠳᠣᠰ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠶᠢᠷᠠᠭᠤᠯᠤᠨ ᠵᠣᠬᠢᠶᠠᠬᠤ ᠦᠨᠳᠦᠰᠦ | ᠪᠠᠷᠢᠮᠲᠠ ᠶᠢ ᠪᠠᠶᠠᠯᠢᠭᠵᠢᠭᠤᠯᠪᠠ᠃ ᠭᠤᠷᠪᠠ ᠳᠤ᠂ ᠮᠠᠨ ᠤ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠪᠣᠳᠠᠲᠠᠶ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠣᠰ | ᠪᠡᠯᠡᠳᠬᠡᠯ ᠲᠥᠰᠦᠯ ᠤᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃ ᠳᠥᠷᠪᠡ ᠳᠤ᠂ ᠬᠠᠮᠤᠭ ᠤᠨ ᠰᠢᠨ᠎ᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠣᠶᠢᠯᠠᠭᠠᠭᠳᠠᠬᠤᠨ ᠢ ᠦᠨᠳᠦᠰᠦᠯᠡᠨ᠂ ᠪᠡᠯᠡᠳᠬᠡᠯ ᠲᠥᠰᠦᠯ ᠤᠨ ᠠᠵᠢᠯ ᠤᠨ ᠵᠠᠷᠴᠢᠮ ᠢ ᠲᠣᠭᠲᠠᠭᠠᠪᠠ᠃ | ︵ᠬᠤᠶᠠᠷ︶ ᠵᠣᠬᠢᠶᠠᠨ ᠪᠠᠶᠢᠭᠤᠯᠤᠨ ᠵᠢᠯᠣᠭᠤᠳᠬᠤ᠃ ᠬᠠᠩᠭᠢᠨ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ | ᠵᠢᠯᠣᠭᠤᠳᠬᠤ ᠭᠠᠵᠠᠷ᠂ ᠬᠠᠩᠭᠢᠨ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ ᠠᠯᠪᠠᠨ | ᠭᠡᠷ᠂ ᠲᠤᠬᠠᠢ ᠶᠢᠨ ᠲᠠᠯᠠᠪᠠᠢ ᠶᠢᠨ ᠵᠢᠯᠣᠭᠤᠳᠬᠤ ᠭᠠᠵᠠᠷ ᠵᠡᠷᠭᠡ 3 ᠬᠡᠰᠡᠭ ᠠᠭᠤᠯᠭ᠎ᠠ ᠶᠢ ᠪᠠᠭᠲᠠᠭᠠᠨ᠎ᠠ᠃ ᠨᠢᠭᠡ ᠳᠤ᠂ ᠬᠤᠰᠢᠭᠤᠨ ᠤ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠨᠢ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠵᠣᠬᠢᠴᠠᠭᠤᠯᠬᠤ ᠪᠠᠶᠢᠭᠤᠯᠤᠮᠵᠢ ᠪᠣᠯᠬᠤ ᠶᠢ ᠲᠣᠳᠣᠷᠬᠠᠶᠢᠯᠠᠪᠠ᠃ ᠬᠤᠶᠠᠷ ᠲᠤ᠂ ᠬᠤᠰᠢᠭᠤᠨ ᠤ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠢ ᠲᠣᠭᠲᠠᠭᠠᠵᠤ᠂ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠶᠢ ᠲᠣᠭᠲᠠᠭᠠᠪᠠ᠃ ᠭᠤᠷᠪᠠ ᠳᠤ ᠪᠠᠶᠢᠭᠠᠯᠢ ᠶᠢᠨ ᠭᠠᠮᠰᠢᠭ | ᠡᠭᠦᠰᠬᠦ ᠦᠶ᠎ᠡ ᠳᠤ᠂ ᠵᠢᠯᠣᠭᠤᠳᠬᠤ ᠭᠠᠵᠠᠷ ᠠᠴᠠ ᠭᠠᠮᠰᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠵᠡᠵᠦ ᠪᠠᠶᠢᠭᠠᠳ ᠲᠤᠬᠠᠶ ᠶᠢᠨ ᠲᠠᠯᠠᠪᠠᠢ ᠶᠢᠨ ᠪᠠᠴᠢᠮ | ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠪᠠᠶᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ | ︵ᠭᠤᠷᠪᠠ︶ ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ᠃ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠳᠤ ᠵᠠᠰᠠᠪᠤᠷᠢ ᠤᠷᠤᠭᠤᠯᠤᠭᠰᠠᠨ ᠵᠣᠷᠢᠭ ᠰᠠᠨᠠᠭ᠎ᠠ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠥᠰᠦᠯ ᠢ ᠦᠨᠳᠦᠰᠦᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠡ ᠶᠢᠨ | ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ ᠱᠠᠲᠤᠨ ᠳᠠᠬᠢ ᠡᠭᠦᠷᠭᠡ ᠬᠠᠷᠢᠭᠤᠴᠠᠯᠭ᠎ᠠ ᠪᠠ ᠠᠪᠤᠷᠠᠨ ᠲᠤᠰᠠᠯᠠᠬᠤ ᠪᠡᠯᠡᠳᠬᠡᠯ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ | ᠃ | ︵ᠲᠦᠷᠪᠡ︶ ᠮᠡᠳᠡᠭᠡ ᠵᠠᠩᠭᠢ ᠶᠢᠨ ᠮᠡᠳᠡᠭᠦᠯᠦᠯᠲᠡ ᠪᠠ ᠨᠡᠶᠢᠲᠡᠯᠡᠯ᠃ ᠡᠭᠦᠨ ᠳᠤ ᠮᠡᠳᠡᠭᠡ ᠵᠠᠩᠭᠢ ᠶᠢᠨ ᠮᠡᠳᠡᠭᠦᠯᠦᠯᠲᠡ ᠪᠠ ᠮᠡᠳᠡᠭᠡ ᠵᠠᠩᠭᠢ ᠨᠡᠶᠢᠲᠡᠯᠡᠬᠦ 2 ᠬᠡᠰᠡᠭ | ᠠᠭᠤᠯᠭ᠎ᠠ ᠪᠠᠭᠲᠠᠨ᠎ᠠ᠃ ᠨᠢᠭᠡ ᠳᠤ ᠭᠠᠮᠰᠢᠭ ᠤᠨ ᠪᠠᠶᠢᠳᠠᠯ ᠢ ᠮᠡᠳᠡᠭᠦᠯᠬᠦ ᠭᠤᠣᠯ ᠴᠣᠭᠴᠠ᠂ ᠴᠠᠭ ᠤᠨ ᠬᠢᠵᠠᠭᠠᠷ ᠤᠨ ᠱᠠᠭᠠᠷᠳᠠᠯᠭ᠎ᠠ ᠪᠠ ᠠᠭᠤᠯᠭ᠎ᠠ ᠶᠢ | ᠲᠣᠳᠣᠷᠬᠠᠶᠢᠯᠠᠪᠠ᠃ ᠬᠤᠶᠠᠷ ᠲᠤ᠂ ᠭᠠᠮᠰᠢᠭ ᠤᠨ ᠪᠠᠶᠢᠳᠠᠯ ᠢ ᠦᠷᠭᠦᠯᠵᠢᠯᠡᠨ ᠮᠡᠳᠡᠭᠦᠯᠬᠦ᠂ ᠬᠠᠷᠭᠤᠭᠤᠯᠵᠤ ᠮᠡᠳᠡᠭᠦᠯᠬᠦ ᠴᠠᠭ ᠤᠨ ᠱᠠᠭᠠᠷᠳᠠᠯᠭ᠎ᠠ ᠪᠠ ᠳᠡᠭᠡᠭᠰᠢ | ᠮᠡᠳᠡᠭᠦᠯᠬᠦ ᠡᠲᠡᠭᠡᠳ ᠵᠡᠷᠭᠡ ᠶᠢ ᠲᠣᠳᠣᠷᠬᠠᠶᠢᠯᠠᠪᠠ᠃ ᠭᠤᠷᠪᠠ ᠳᠤ᠂ ᠮᠡᠳᠡᠭᠡ ᠵᠠᠩᠭᠢ ᠨᠡᠶᠢᠲᠡᠯᠡᠬᠦ ᠵᠠᠷᠴᠢᠮ᠂ ᠬᠡᠯᠪᠡᠷᠢ ᠪᠠ ᠠᠭᠤᠯᠭ᠎ᠠ ᠶᠢ ᠲᠣᠳᠣᠷᠬᠠᠶᠢᠯᠠᠪᠠ᠃ | ︵ᠲᠠᠪᠤ︶ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠃ ᠡᠭᠦᠨ ᠳᠤ ᠨᠢᠭᠡᠳᠦᠭᠡᠷ ᠲᠠᠰ ᠤᠨ ᠠᠵᠢᠯᠯᠠᠭ᠎ᠠ᠂ ᠬᠤᠶᠠᠳᠤᠭᠠᠷ ᠲᠠᠰ ᠤᠨ ᠠᠵᠢᠯᠯᠠᠭ᠎ᠠ᠂ | ᠭᠤᠷᠪᠠᠳᠤᠭᠠᠷ ᠲᠠᠰ ᠤᠨ ᠠᠵᠢᠯᠯᠠᠭ᠎ᠠ᠂ ᠳᠥᠷᠪᠡᠳᠦᠭᠡᠷ ᠲᠠᠰ ᠤᠨ ᠠᠵᠢᠯᠯᠠᠭ᠎ᠠ᠂ ᠠᠵᠢᠯᠯᠠᠭᠠᠨ ᠤ ᠲᠠᠰ ᠵᠢᠴᠢ ᠡᠬᠢᠯᠡᠭᠦᠯᠬᠦ ᠨᠥᠬᠦᠴᠡᠯ᠂ ᠠᠵᠢᠯᠯᠠᠭᠠᠨ ᠢ ᠱᠠᠲᠤ | ᠬᠤᠪᠢᠶᠠᠬᠤ᠂ ᠠᠵᠢᠯᠯᠠᠭᠠᠨ ᠢ ᠳᠣᠭᠢᠷᠠᠭᠤᠯᠬᠤ᠂ ᠠᠵᠢᠯᠯᠠᠭᠠᠨ ᠢ ᠵᠣᠭᠰᠣᠭᠠᠬᠤ ᠨᠡᠶᠢᠲᠡ 8 ᠬᠡᠰᠡᠭ ᠠᠭᠤᠯᠭ᠎ᠠ ᠪᠠᠭᠲᠠᠨ᠎ᠠ᠃ ᠨᠢᠭᠡ ᠳᠤ᠂ ᠠᠵᠢᠯᠯᠠᠭᠠᠨ ᠢ ᠱᠠᠲᠤ | ᠬᠤᠪᠢᠶᠠᠬᠤ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ᠂ ᠠᠵᠢᠯᠯᠠᠭᠠᠨ ᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠬᠤᠶᠠᠷ ᠲᠤ᠂ ᠣᠨᠴᠠᠭᠠᠶ ᠪᠠᠶᠢᠳᠠᠯ ᠳᠣᠤᠷ᠎ᠠ | ᠪᠠᠴᠢᠮ ᠪᠠᠶᠢᠳᠠᠯ ᠢ ᠠᠷᠭᠠᠴᠠᠭᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠲᠣᠳᠣᠷᠬᠠᠶᠢᠯᠠᠪᠠ᠃ ᠭᠤᠷᠪᠠ ᠳᠤ ᠪᠠᠴᠢᠮ ᠪᠠᠶᠢᠳᠠᠯ ᠢ ᠠᠷᠭᠠᠴᠠᠭᠠᠬᠤ | ᠠᠵᠢᠯᠯᠠᠭ᠎ᠠ ᠶᠢ ᠵᠣᠭᠰᠣᠭᠠᠬᠤ ᠳᠠᠷᠠᠭᠠᠯᠠᠯ ᠢ ᠲᠣᠭᠲᠠᠭᠠᠪᠠ᠃ | ︵ᠵᠢᠷᠭᠤᠭ᠎ᠠ︶ ᠭᠠᠢ ᠭᠠᠮᠰᠢᠭ ᠠᠴᠠ ᠠᠪᠤᠷᠠᠨ ᠲᠤᠰᠯᠠᠬᠤ ᠪᠠ ᠰᠡᠷᠭᠦᠭᠡᠨ ᠪᠠᠶᠢᠭᠤᠯᠬᠤ᠃ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ | ᠲᠤᠰᠠᠯᠠᠯᠲᠠ᠂ ᠡᠪᠦᠯ ᠬᠠᠪᠤᠷ ᠤᠨ ᠠᠪᠤᠷᠠᠨ ᠲᠤᠰᠠᠯᠠᠯᠲᠠ᠂ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠪᠠᠶᠢᠭᠤᠯᠬᠤ 3 ᠵᠦᠢᠯ ᠤᠨ ᠠᠭᠤᠯᠭ᠎ᠠ ᠶᠢ | ᠳᠤᠷᠠᠳᠴᠤ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠡᠯ᠎ᠡ ᠬᠠᠮᠢᠶ᠎ᠠ ᠪᠦᠬᠦᠢ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠵᠢᠴᠢ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠪᠠ᠃ | ︵ᠳᠤᠯᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠃ ᠡᠭᠦᠨ ᠳᠤ ᠪᠡᠯᠡ ᠮᠥᠩᠭᠦ ᠶᠢᠨ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠴᠢᠮᠡᠭᠡ | ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ᠂ ᠲᠣᠨᠤᠭ ᠲᠥᠬᠦᠭᠡᠷᠦᠮᠵᠢ ᠶᠢᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ | ᠲᠠᠯᠠᠪᠤᠷ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠪᠠ ᠠᠮᠤᠷ ᠢ ᠬᠠᠮᠠᠭᠠᠯᠠᠬᠤ | ᠬᠠᠮᠠᠭᠠᠯᠠᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ᠂ ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠪᠠᠲᠤᠯᠠᠭ᠎ᠠ᠂ ᠴᠠᠬᠢᠯᠭᠠᠨ ᠬᠦᠴᠦᠨ ᠤ ᠪᠠᠲᠤᠯᠠᠭ᠎ᠠ᠂ ᠤᠬᠠᠭᠤᠯᠭ᠎ᠠ ᠪᠠ ᠪᠣᠯᠪᠠᠰᠤᠷᠠᠯ ᠵᠡᠷᠭᠡ ᠨᠡᠶᠢᠲᠡ 12 ᠬᠡᠰᠡᠭ ᠠᠭᠤᠯᠭ᠎ᠠ ᠪᠠᠭᠲᠠᠨ᠎ᠠ᠃ ᠪᠠᠶᠢᠭᠤᠯᠤᠮᠵᠢ ᠶᠢᠨ | ᠡᠭᠦᠷᠭᠡ ᠴᠢᠳᠠᠪᠬᠢ ᠶᠢᠨ ᠬᠤᠪᠢᠷᠠᠯᠲᠠ ᠶᠢ ᠦᠨᠳᠦᠰᠦᠯᠡᠨ ᠵᠣᠬᠢᠴᠠᠩᠭᠤᠢ ᠲᠣᠬᠢᠷᠠᠭᠤᠯᠤᠯᠲᠠ ᠬᠢᠪᠡ᠃ | ︵ᠨᠠᠢᠮᠠ︶ ᠳᠠᠭᠠᠯᠳᠤᠭᠤᠯᠤᠯ ᠳᠦᠷᠢᠮ᠃ ᠡᠭᠦᠨ ᠳᠤ ᠪᠡᠯᠡᠳᠬᠡᠯ ᠲᠥᠰᠦᠯ ᠤᠨ ᠰᠣᠷᠢᠯᠲᠠ᠂ ᠪᠡᠯᠡᠳᠬᠡᠯ ᠲᠥᠰᠦᠯ ᠤᠨ ᠬᠠᠮᠢᠶᠠᠷᠤᠯᠲᠠ᠂ ᠪᠡᠯᠡᠳᠬᠡᠯ | ᠲᠥᠰᠦᠯ ᠤᠨ ᠲᠠᠶᠢᠯᠪᠤᠷᠢᠯᠠᠯᠲᠠ᠂ ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠵᠡᠷᠭᠡ ᠨᠡᠶᠢᠲᠡ 4 ᠬᠡᠰᠡᠭ ᠠᠭᠤᠯᠭ᠎ᠠ ᠪᠠᠭᠲᠠᠨ᠎ᠠ᠃ ᠪᠡᠯᠡᠳᠬᠡᠯ ᠲᠥᠰᠦᠯ ᠢ | ᠲᠣᠭᠲᠠᠭᠠᠬᠤ ᠲᠠᠶᠢᠯᠪᠤᠷᠢᠯᠠᠯᠲᠠ ᠶᠢᠨ ᠪᠡᠶᠡᠴᠢ ᠴᠣᠭᠴᠠ ᠵᠢᠴᠢ ᠠᠵᠢᠯ ᠤᠨ ᠭᠠᠷ ᠳᠡᠪᠲᠡᠷ᠂ ᠠᠵᠢᠯᠯᠠᠭᠠᠨ ᠤ ᠲᠥᠰᠦᠯ ᠢ ᠲᠣᠭᠲᠠᠭᠠᠬᠤ ᠱᠠᠭᠠᠷᠳᠠᠯᠭ᠎ᠠ ᠶᠢ ᠲᠣᠳᠣᠷᠬᠠᠶ | ᠲᠣᠭᠲᠠᠭᠠᠪᠠ᠃ |