— 2024 ᠤᠨ ᠤ 1 ᠳ᠋ᠦ᠋ᠭᠡᠷ ᠰᠠᠷ᠎ᠠ ᠶᠢᠨ 30 ᠤ ᠡᠳᠤᠷ | ᠬᠠᠩᠬᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠠᠬᠡᠷ᠎ᠡ | ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠵᠠᠩ ᠵᠥᠩ ᠫᠢᠩ | | | | ᠲᠥᠯᠥᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ | ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠲᠡᠪᠰᠢᠭᠦᠯᠭᠦ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ | ᠮᠥᠨᠴᠦ ᠬᠠᠩᠭᠢᠨ ᠬᠤᠰᠢᠭᠤᠨ ᠤ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ | ᠵᠢᠯ ᠤᠨ ᠲᠤᠷᠰᠢ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠᠷ ᠶᠡᠷᠦᠩᠬᠡᠶᠢᠯᠡᠨ ᠵᠢᠯᠣᠭᠤᠳᠴᠤ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠬᠥᠭᠵᠢᠯᠲᠡ ᠶᠢ ᠬᠦᠴᠦᠯᠡᠨ ᠡᠷᠢᠯᠬᠢᠯᠡᠵᠦ᠂ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠳᠠᠶᠢᠯᠠᠯᠳᠤᠭᠠᠨ ᠢ ᠰᠠᠶᠢᠲᠤᠷ ᠬᠢᠵᠦ | ᠂ ᠬᠦᠨᠳᠦ ᠡᠭᠦᠷᠭᠡ ᠶᠢ ᠡᠭᠦᠷᠭᠡᠯᠡᠨ᠂ ᠬᠦᠴᠢᠷ ᠢ ᠲᠤᠭᠤᠯᠤᠨ ᠤᠷᠤᠭᠰᠢᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠦᠰᠡᠷᠳᠡᠭᠦᠯᠦᠯ | ᠥᠬᠡᠶ ᠪᠠᠷ ᠡᠷᠡᠯᠬᠡᠭᠯᠡᠨ ᠤᠷᠤᠭᠰᠢᠯᠠᠭᠰᠠᠨ ᠰᠢᠨ᠎ᠡ ᠠᠮᠵᠢᠯᠲᠠ ᠪᠥᠲᠦᠮᠵᠢ ᠶᠢ ᠡᠭᠦᠳᠦᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠬᠥᠭᠵᠢᠯᠲᠡ | ᠰᠢᠨ᠎ᠡ ᠠᠯᠬᠤᠮ ᠢ ᠠᠯᠬᠤᠪᠠ᠃ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠤᠨ ᠬᠦᠭᠵᠢᠯᠲᠡ ᠶᠢ ᠠᠬᠢᠭᠤᠯᠵᠤ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠳᠠᠬᠢᠨ ᠰᠢᠨ᠎ᠡ ᠲᠡᠮᠲᠡᠭᠯᠡᠯ ᠢ ᠡᠭᠦᠳᠴᠦ᠂ ᠨᠡᠶᠢᠲᠡ 170 ᠳ᠋ᠦᠩᠰᠢᠭᠤᠷ ᠲᠥᠭᠦᠷᠢᠭ ᠲᠤ ᠬᠦᠷᠴᠦ᠂ 5% ᠪᠠᠷ | ᠨᠡᠮᠡᠭᠳᠡᠪᠡ︔ 32 ᠴᠢᠬᠤᠯᠠ ᠶᠡᠭᠡ ᠲᠥᠷᠥᠯ ᠵᠦᠢᠯ ᠢ ᠭᠡᠷ᠎ᠡ ᠲᠣᠭᠲᠠᠨ ᠣᠷᠣᠭᠤᠯᠵᠤ 118 ᠴᠢᠬᠤᠯᠠ ᠶᠡᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠨ᠂ 48.9% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠭᠤᠷᠪᠠᠳᠤᠭᠠᠷ ᠲᠤ ᠣᠷᠤᠵᠤ᠂ 2 ᠵᠢᠯ ᠳᠠᠷᠠᠭᠠᠯᠠᠨ ᠬᠤᠶᠠᠷ ᠣᠷᠣᠨᠲᠤ ᠲᠣᠭᠠᠨ ᠤ ᠨᠡᠮᠡᠭᠳᠡᠯ ᠢ ᠪᠡᠶᠡᠯᠡᠭᠦᠯᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 16.6 ᠳ᠋ᠦᠩᠰᠢᠭᠤᠷ ᠲᠥᠭᠦᠷᠢᠭ ᠲᠤ ᠬᠦᠷᠴᠦ᠂ 8.7% ᠪᠠᠷ | ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠦᠰᠦᠪ ᠤᠨ ᠣᠷᠤᠯᠭ᠎ᠠ ᠶᠡᠭᠡ ᠬᠡᠮᠵᠢᠶ᠎ᠡ ᠪᠠᠷ ᠨᠡᠮᠡᠭᠳᠡᠨ᠂ 13.6 ᠳ᠋ᠦᠩᠰᠢᠭᠤᠷ ᠲᠦᠭᠦᠷᠢᠭ ᠲᠤ ᠬᠦᠷᠴᠦ᠂ 30. | 6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠂ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 31.2% ᠢᠶᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 52429 ᠲᠥᠭᠦᠷᠢᠭ ᠪᠠ 27064 ᠲᠥᠭᠦᠷᠢᠭ ᠲᠤ ᠬᠦᠷᠴᠦ᠂ 4.7% ᠪᠠ 7. | 3% ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ ᠲᠤᠰᠬᠠᠢ ᠲᠥᠷᠥᠯ ᠤᠨ ᠬᠢᠨᠠᠨ ᠰᠢᠯᠭᠠᠯᠲᠠ ᠳᠤ ᠡᠮᠦᠨ᠎ᠡ ᠭᠤᠷᠪᠠᠨ | ᠤᠯᠠᠷᠢᠯ ᠤᠨ ᠳᠥᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠣᠯᠤᠭᠰᠠᠨ ᠬᠤᠪᠢ ᠨᠢ ᠪᠥᠬᠦ ᠣᠷᠣᠨ ᠤ 103 ᠬᠤᠰᠢᠭᠤ ᠰᠢᠶᠠᠨ ᠤ ᠳᠣᠲᠣᠷ᠎ᠠ | ᠳᠣᠯᠣᠳᠤᠭᠠᠷ ᠲᠤ ᠵᠢᠭᠰᠠᠭᠠᠭᠳᠠᠵᠤ᠂ 24 ᠶᠡᠷᠦᠩᠬᠡᠶᠢᠯᠡᠭᠰᠡᠨ ᠰᠢᠶᠠᠨ ᠤ ᠬᠡᠪᠴᠢᠶᠡᠨ ᠤ ᠲᠥᠷᠥᠯ ᠤᠨ ᠬᠤᠰᠢᠭᠤ ᠰᠢᠶᠠᠨ ᠤ ᠳᠣᠲᠣᠷ᠎ᠠ ᠨᠢᠭᠡᠳᠦᠭᠡᠷ ᠲᠤ | ᠵᠢᠭᠰᠠᠭᠠᠭᠳᠠᠨ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠪᠠ ᠨᠥᠭᠡᠴᠡ ᠬᠦᠴᠦᠨ ᠢ ᠨᠠᠩ ᠪᠤᠵᠠᠭᠠᠶᠢᠷᠠᠭᠤᠯᠪᠠ︕ | ᠨᠢᠭᠡ ᠵᠢᠯ ᠤᠨ ᠲᠤᠷᠰᠢ᠂ ᠪᠢᠳᠡ ᠠᠵᠤ ᠦᠢᠯᠡᠰ ᠤᠨ ᠨᠠᠷᠢᠯᠢᠭ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠲᠡᠰ | ᠲᠡᠪᠰᠢᠬᠦ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠨᠢᠭᠡᠳᠦᠭᠡᠷ ᠠᠵᠤ ᠦᠢᠯᠡᠰ ᠢ ᠳᠠᠬᠢᠨ ᠴᠣᠭᠴᠠᠯᠠᠬᠤ ᠶᠢ ᠲᠦᠷᠭᠡᠳᠬᠡᠪᠡ᠃ ᠬᠡᠪᠴᠢᠶᠡᠵᠢᠭᠦᠯᠬᠦ ᠪᠠᠷ | ᠰᠢᠪᠲᠤᠯᠤᠯᠲᠠ ᠶᠢᠨ ᠴᠡᠭ ᠪᠣᠯᠭᠠᠭᠰᠠᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠠᠮᠵᠢᠯᠲᠠ ᠣᠯᠪᠠ᠃ ᠬᠠᠲᠤᠨ ᠭᠤᠤᠯ ᠳᠠᠭᠠᠤ ᠶᠢᠨ ᠤᠰᠤᠯᠠᠯᠲᠠ ᠶᠢᠨ | ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢ 15 ᠲᠦᠮᠡᠨ ᠮᠦ ᠪᠡᠶᠡᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 2.2 ᠲᠦᠮᠡᠨ ᠮᠦ ᠪᠠᠶᠢᠭᠤᠯᠤᠨ᠂ | ᠮᠢᠩᠭᠠᠨ ᠮᠦ ᠠᠴᠠ ᠳᠡᠭᠡᠭᠰᠢᠬᠢ ᠬᠡᠪᠴᠢᠶᠡᠵᠢᠭᠦᠯᠦᠭᠰᠡᠨ ᠡᠵᠡᠩᠨᠡᠯᠲᠡ ᠶᠢᠨ ᠲᠠᠯᠠᠪᠠᠶ 8.5 ᠲᠦᠮᠡᠨ ᠮᠦ ᠳᠤ ᠬᠦᠷᠴᠦ᠂ 2.3 ᠲᠦᠮᠡᠨ ᠮᠦ ᠡᠯᠡᠰᠦ ᠶᠢ ᠥᠭᠡᠷᠡᠴᠢᠯᠡᠬᠦ | ᠲᠤᠷᠰᠢᠯᠲᠠ ᠪᠠ ᠠᠵᠤ ᠦᠢᠯᠡᠰᠵᠢᠭᠦᠯᠦᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ︽ᠡᠯᠡᠰᠦ ᠰᠢᠷᠤᠢ ᠶᠢ ᠬᠥᠷᠦᠰᠦᠵᠢᠭᠦᠯᠬᠦ︾ ᠶᠢ ᠪᠡᠶᠡᠯᠡᠭᠦᠯᠦᠨ᠂ | 3000 ᠮᠦ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠳᠤ ︽ᠲᠤᠲᠤᠷᠭ᠎ᠠ ᠲᠠᠷᠢᠵᠤ ᠬᠤᠵᠢᠷᠯᠢᠭ ᠭᠠᠵᠠᠷ ᠢ ᠵᠠᠰᠠᠬᠤ︾ ᠶᠢ | ᠪᠡᠶᠡᠯᠡᠭᠦᠯᠪᠡ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠠᠮᠤ ᠪᠤᠳᠠᠭ᠎ᠠ ᠲᠠᠷᠢᠭᠰᠠᠨ ᠲᠠᠯᠠᠪᠠᠶ 1.73 ᠲᠦᠮᠡᠨ ᠮᠥ | ᠨᠡᠮᠡᠭᠳᠡᠵᠦ᠂ ᠮᠥ ᠪᠦᠷᠢ ᠶᠢᠨ ᠳᠤᠮᠳᠠᠴᠢ ᠤᠨᠠᠯᠲᠠ ᠳᠠᠬᠢᠨ ᠰᠢᠨ᠎ᠡ ᠲᠡᠮᠳᠡᠭᠯᠡᠯ ᠢ ᠡᠭᠦᠳᠦᠨ᠂ 537.9 ᠺᠢᠯᠣᠭ᠍ᠷᠠᠮ ᠳᠤ ᠬᠦᠷᠴᠦ᠂ ᠪᠥᠬᠦ ᠬᠤᠲᠠ ᠶᠢᠨ | ᠨᠢᠭᠡᠳᠦᠭᠡᠷ ᠲᠤ ᠪᠠᠶᠢᠷᠢᠯᠠᠵᠤ᠂ ᠠᠮᠤ ᠪᠤᠳᠠᠭᠠᠨ ᠤ ᠦᠢᠯᠡᠳᠪᠦᠷᠢᠯᠡᠯ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃ ᠬᠦᠪᠴᠢ ᠶᠢᠨ | ᠰᠢᠬᠢᠷ ᠡᠪᠡᠰᠦ᠂ ᠬᠠᠩᠭᠢᠨ ᠬᠤᠰᠢᠭᠤᠨ ᠤ ᠨᠡᠷᠡᠨ ᠬᠤᠸᠠᠷ ᠤᠨ ᠦᠷ᠎ᠡ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ | ᠨᠡᠷᠡᠰ ᠲᠤ ᠣᠷᠣᠵᠤ᠂ ᠤᠯᠤᠰ ᠤᠨ ᠲᠠᠰ ᠤᠨ ᠨᠡᠷᠡᠨ ᠬᠤᠸᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠵᠢᠷᠭᠠᠯᠠᠩᠲᠤ ᠪᠠᠯᠭᠠᠰᠤᠨ ᠳᠤ ᠰᠠᠭᠤᠷᠢᠰᠢᠪᠠ᠃ | ᠣᠲᠣ ᠦᠶ᠎ᠡ ᠶᠢᠨ ᠮᠠᠯ ᠠᠵᠤ ᠠᠬᠤᠶ ᠬᠡᠪᠴᠢᠶᠡᠵᠢᠭᠰᠡᠨ ᠬᠥᠭᠵᠢᠯᠲᠡ ᠶᠢᠨ ︽ᠲᠦᠷᠭᠡᠨ ᠵᠠᠮ︾ ᠳᠤ ᠣᠷᠣᠵᠤ᠂ ᠠᠯᠠᠰᠢᠨ ᠦᠬᠡᠷ ᠤᠨ ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠲᠠᠯᠠᠪᠠᠶ ᠶᠢ ᠰᠢᠨ᠎ᠡ ᠪᠠᠷ 2 ᠪᠠᠶᠢᠭᠤᠯᠤᠨ᠂ ᠠᠯᠠᠰᠢᠨ ᠦᠬᠡᠷ ᠤᠨ ᠲᠤᠭ᠎ᠠ ᠲᠣᠯᠣᠭᠠᠶ 12 ᠲᠦᠮᠡ ᠳᠤ ᠬᠦᠷᠴᠦ᠂ 2021ᠣᠨ ᠤ ᠬᠢ ᠠᠴᠠ ᠬᠤᠶᠠᠷ | ᠳᠠᠬᠢᠨ ᠨᠡᠮᠡᠭᠳᠡᠨ᠂ ᠮᠢᠬᠠᠨ ᠤ ᠲᠥᠷᠥᠯ ᠤᠨ ᠶᠡᠷᠦᠩᠬᠡᠶ ᠭᠠᠷᠤᠯᠲᠠ 2000 ᠲᠦᠮᠡᠨ ᠺᠢᠯᠣᠭ᠍ᠷᠠᠮ ᠢ ᠳᠠᠪᠠᠨ᠂ ᠢᠩᠭᠡᠨ ᠰᠦ ᠶᠢᠨ ᠠᠵᠤ ᠦᠢᠯᠡᠰ ᠰᠢᠨ᠎ᠡ | ᠰᠢᠪᠲᠤᠯᠤᠯᠲᠠ ᠶᠢ ᠪᠡᠶᠡᠯᠡᠭᠦᠯᠵᠦ᠂ ᠲᠤᠬᠠᠢ ᠶᠢᠨ ᠵᠢᠯ ᠤᠨ ᠦᠢᠯᠡᠳᠬᠦᠨ ᠤ ᠦᠷᠲᠡᠭ 1000 ᠲᠦᠮᠡᠨ ᠲᠦᠭᠦᠷᠢᠭ ᠢ ᠳᠠᠪᠠᠪᠠ᠃ ︽ᠳᠠᠯᠠᠶ ᠶᠢᠨ ᠢᠳᠡᠭᠡᠨ ᠢ ᠡᠬᠡ | ᠬᠠᠭᠤᠷᠠᠶ ᠳᠤ ᠲᠡᠵᠢᠭᠡᠨ ᠦᠷᠡᠵᠢᠭᠦᠯᠬᠦ︾ ᠰᠢᠨ᠎ᠡ ᠵᠠᠭᠪᠤᠷ ᠢ ᠶᠡᠬᠡᠪᠡᠷ ᠳᠡᠯᠭᠡᠷᠡᠭᠦᠯᠦᠨ᠂ ᠤᠰᠤᠨ ᠭᠠᠷᠤᠯᠲᠠ ᠶᠢᠨ ᠦᠢᠯᠡᠳᠬᠦᠨ 300 ᠲᠦᠮᠡᠨ ᠺᠢᠯᠣᠭ᠍ᠷᠠᠮ ᠢ | ᠳᠠᠪᠠᠵᠤ᠂ ᠡᠮᠦᠨᠡᠲᠦ ᠠᠮᠧᠷᠢᠺᠠ ᠶᠢᠨ ᠴᠠᠭᠠᠨ ᠬᠤᠣᠰ ᠰᠠᠮ᠂ ᠨᠠᠶᠢᠮᠠᠯᠵᠢ ᠵᠡᠷᠭᠡ ᠨᠤᠲᠤᠭ ᠤᠨ ᠤᠰᠤᠨ ᠭᠠᠷᠤᠯᠲᠠ ᠶᠢ ᠡᠮᠦᠨᠡᠲᠦ ᠣᠷᠣᠨ ᠤ ᠳᠠᠯᠠᠶ ᠳᠠᠭᠠᠤ ᠵᠠᠬ᠎ᠠ | ᠳᠡᠯᠭᠡᠭᠦᠷ ᠲᠤ ᠠᠮᠵᠢᠯᠲᠠ ᠲᠠᠢ ᠣᠷᠣᠭᠤᠯᠪᠠ᠃ ᠪᠥᠬᠦ ᠬᠤᠰᠢᠭᠤᠨ ᠤ 76 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ | ᠪᠦᠬᠦᠨ ᠢᠶᠠᠷ ᠢᠶᠠᠨ 20 ᠲᠦᠮᠡᠨ ᠲᠥᠭᠦᠷᠢᠭ ᠢ ᠳᠠᠪᠠᠵᠤ᠂ 8 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ 100 ᠲᠦᠮᠡᠨ | ᠲᠥᠭᠦᠷᠢᠭ ᠢ ᠳᠠᠪᠠᠪᠠ᠃ ᠠᠵᠤ ᠦᠢᠯᠡᠳᠪᠦᠷᠢ ᠶᠢᠨ ᠠᠵᠤ ᠠᠬᠤᠶ ᠢᠯᠡᠳᠲᠡ ᠦᠷ᠎ᠡ ᠪᠦᠲᠦᠮᠵᠢ ᠣᠯᠪᠠ᠃ ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠪᠠ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ | ᠲᠠᠷᠢᠶᠠᠨᠭᠤᠣᠯ ᠨᠡᠭᠦᠷᠡᠰᠦᠨ ᠠᠭᠤᠷᠬᠠᠢ ᠠᠮᠵᠢᠯᠲᠠ ᠲᠠᠢ ᠪᠠᠷ ᠠᠵᠢᠯ ᠢᠶᠠᠨ ᠰᠡᠷᠭᠦᠭᠡᠵᠦ᠂ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠨᠠᠷᠢᠨ | ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠳᠠᠭᠤᠰᠬᠠᠪᠠ︔ ᠬᠤᠸᠠ ᠨᠧᠩ ᠲᠤᠮᠤ ᠰᠠᠭᠤᠷᠢᠨ ᠭᠠᠵᠠᠷ ᠤᠨ 200 ᠲᠦᠮᠡᠨ ᠺᠢᠯᠤᠸᠠᠲ ᠤᠨ ᠬᠤᠰᠢᠭᠤᠴᠢ | ᠢᠨᠵᠧᠨᠧᠷᠢᠩ᠂ ᠮᠧᠩ ᠨᠧᠩ 170 ᠲᠦᠮᠡᠨ ᠺᠢᠯᠤᠸᠠᠲ ᠤᠨ ᠰᠢᠨ᠎ᠡ ᠡᠨᠧᠷᠭᠢ᠂ ᠪᠦ᠋ ᠡᠤ ᠨᠡᠭᠡᠯᠡᠯᠭᠡ ᠶᠢᠨ ᠥᠷᠲᠡᠭᠡ ᠶᠢᠨ 500 ᠺᠢᠯᠤᠸᠤᠯᠲ ᠤᠨ ᠴᠠᠬᠢᠯᠭᠠᠨ | ᠬᠦᠷᠭᠡᠵᠦ ᠬᠤᠪᠢᠰᠬᠠᠬᠤ ᠢᠨᠵᠧᠨᠧᠷᠢᠩ᠂ ᠤᠣ ᠷᠦᠢ 500 ᠺᠢᠯᠣᠸᠠᠲ ᠤᠨ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠢᠨᠵᠧᠨᠧᠷᠢᠩ ᠠᠮᠵᠢᠯᠲᠠ ᠲᠠᠢ ᠪᠠᠷ | ᠴᠠᠬᠢᠯᠭᠠᠨ ᠬᠦᠷᠭᠡᠵᠦ᠂ ᠪᠦᠬᠦ ᠤᠯᠤᠰ ᠤᠨ ᠲᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠮᠧᠩ ᠰᠢ ᠶᠢᠨ ᠰᠠᠭᠤᠷᠢᠨ ᠭᠠᠵᠠᠷ ᠤᠨ 200 ᠲᠦᠮᠡᠨ | ᠺᠢᠯᠣᠸᠠᠲ ᠤᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ︔ | ᠪᠠᠶᠢᠭᠠᠯᠢ ᠶᠢᠨ ᠰᠢᠲᠠᠮᠠᠬᠠᠶ ᠬᠡᠢ ᠶᠢᠨ ᠶᠡᠷᠦᠩᠬᠡᠶ ᠭᠠᠷᠤᠯᠲᠠ ᠨᠢ 20 ᠳ᠋ᠦᠩᠰᠢᠭᠤᠷ ᠺᠥᠪ ᠮᠧᠲᠷ ᠠᠴᠠ ᠳᠡᠭᠡᠭᠰᠢ ᠲᠣᠭᠲᠠᠭᠤᠨ ᠪᠠᠶᠢᠬᠤ ᠶᠢ ᠪᠠᠲᠤᠯᠠᠵᠤ᠂ ᠡᠳᠦᠷ ᠤᠨ | ᠪᠠᠶᠢᠭᠠᠯᠢ ᠶᠢᠨ ᠰᠢᠲᠠᠮᠠᠬᠠᠢ ᠬᠡᠢ ᠰᠢᠩᠭᠡᠨᠵᠢᠭᠦᠯᠬᠦ ᠴᠢᠳᠠᠮᠵᠢ ᠨᠢ 470 ᠲᠦᠮᠡᠨ ᠺᠥᠪ ᠮᠧᠲᠷ ᠲᠤ ᠬᠦᠷᠴᠦ᠂ ᠾᠧᠯᠢ ᠬᠡᠢ ᠶᠢᠨ ᠵᠢᠯ ᠤᠨ ᠭᠠᠷᠤᠯᠲᠠ ᠨᠢ 110 | ᠲᠦᠮᠡᠨ ᠺᠥᠪ ᠮᠧᠲᠷ ᠢ ᠳᠠᠪᠠᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠡᠾᠧᠯᠢ ᠪᠣᠯᠪᠠᠰᠤᠷᠠᠭᠤᠯᠬᠤ | ᠲᠦᠷᠦᠯ ᠵᠦᠢᠯ᠂ ᠸᠠᠨ ᠷᠦᠢ ᠶᠢᠨ ᠭᠤᠷᠪᠠᠳᠤᠭᠠᠷ ᠬᠤᠭᠤᠴᠠᠭᠠᠨ ᠤ ᠪᠠᠶᠢᠭᠠᠯᠢ ᠶᠢᠨ ᠰᠢᠲᠠᠮᠠᠬᠠᠢ ᠬᠡᠢ ᠰᠢᠩᠭᠡᠨᠵᠢᠭᠦᠯᠬᠦ ᠵᠢᠴᠢ BOG ᠠᠴᠠ ᠡᠾᠧᠯᠢ | ᠪᠣᠯᠪᠠᠰᠤᠷᠠᠭᠤᠯᠬᠤ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠪᠠ᠃ ᠴᠠᠩ ᠯᠦᠩ ᠵᠧ ᠺᠧ ᠤᠨ ᠴᠠᠬᠢᠭᠤᠷ ᠤᠨ ᠮᠠᠲ᠋ᠧᠷᠢᠶᠠᠯ ᠤᠨ ᠪᠦᠬᠦ ᠠᠵᠤ ᠦᠢᠯᠡᠰ ᠤᠨ | ᠬᠡᠯᠬᠢᠶᠡᠵᠢᠯ ᠤᠨ ᠲᠦᠷᠦᠯ ᠵᠦᠢᠯ᠂ ᠶᠠ ᠨᠦᠸᠧ ᠨᠠᠷᠢᠯᠢᠭ ᠬᠢᠮᠢ ᠶᠢᠨ ᠪᠣᠳᠠᠰ᠂ ᠶᠢᠨ ᠲᠠᠢ ᠳᠡᠭᠡᠳᠦ ᠳᠡᠰ ᠤᠨ ᠣᠨᠴᠠ ᠲᠥᠷᠥᠯ ᠤᠨ ᠯᠠ ᠵᠡᠷᠭᠡ ᠲᠥᠷᠥᠯ ᠵᠦᠢᠯ ᠢ | ᠲᠦᠷᠭᠡᠳᠬᠡᠨ ᠪᠠᠶᠢᠭᠤᠯᠵᠤ᠂ ᠪᠠᠢ ᠱᠧᠩ ᠠᠭ᠎ᠠ ᠠᠯᠳᠧᠭᠢᠳ᠋᠂ ᠨᠡᠬᠦᠷᠡᠰᠦᠨ ᠰᠠᠭᠤᠷᠢ ᠠᠯᠺᠤᠤᠯ ᠢ ᠪᠤᠬᠢᠷᠲᠤᠯ ᠦᠭᠡᠢ ᠦᠢᠯᠡᠳᠬᠦ ᠲᠤᠷᠰᠢᠯᠲᠠ ᠵᠡᠷᠭᠡ ᠲᠦᠷᠦᠯ | ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠪᠦᠬᠦ ᠳᠡᠯᠡᠬᠡᠢ ᠶᠢᠨ ᠠᠩᠬᠠᠳᠠᠭᠴᠢ ᠮᠢᠩᠭᠠᠨ ᠲᠣᠨ ᠤ ᠲᠡᠰ ᠤᠨ ᠹᠢᠱᠧᠷ ᠲᠷᠦᠫᠱ ᠤᠨ ᠨᠡᠶᠢᠯᠡᠮᠡᠯ α— | ᠠᠯᠺᠧᠨ ᠢᠯᠭᠠᠷᠠᠭᠤᠯᠬᠤ ᠵᠢᠱᠢᠶ᠎ᠡ ᠦᠵᠡᠭᠦᠯᠬᠦ ᠲᠦᠷᠦᠯ ᠵᠦᠢᠯ ᠠᠮᠵᠢᠯᠲᠠ ᠣᠯᠵᠤ᠂ ᠬᠡᠰᠡᠭ ᠦᠢᠯᠡᠳᠬᠦᠨ ᠨᠢ ᠳᠡᠯᠡᠬᠡᠢ ᠶᠢᠨ ᠭᠠᠭᠴᠠᠭᠠᠷ ᠡᠵᠡᠮᠰᠢᠯ ᠢ ᠡᠪᠳᠡᠨ᠂ | ᠤᠯᠤᠰ ᠤᠨ ᠳᠣᠲᠣᠭᠠᠳᠤ ᠶᠢᠨ ᠬᠤᠭᠤᠰᠤᠨ ᠢ ᠨᠥᠬᠦᠪᠥᠷᠢᠯᠡᠪᠡ᠃ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ | ᠰᠢᠨ᠎ᠡ ᠪᠠᠷ 12 ᠨᠡᠮᠡᠭᠳᠡᠵᠦ᠂ ᠨᠡᠶᠢᠲᠡ 50 ᠪᠣᠯᠪᠠ᠃ ᠬᠠᠩᠭᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢᠶᠠᠷ ᠮᠠᠭᠠᠳᠯᠠᠨ ᠲᠣᠭᠲᠠᠭᠠᠭᠳᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ ᠲᠤ ᠲᠠᠪᠰᠢᠨ᠂ | ᠶᠡᠷᠦᠩᠬᠡᠶᠢᠯᠡᠭᠰᠡᠨ ᠰᠢᠯᠭᠠᠨ ᠬᠢᠨᠠᠯᠲᠠ ᠳᠤ ᠪᠥᠬᠦ ᠣᠷᠣᠨ ᠤ 83 ᠨᠡᠭᠡᠭᠡᠯᠲᠡ ᠶᠢᠨ ᠲᠣᠭᠤᠷᠢᠭ ᠲᠤ 18 ᠳ᠋ᠤᠭᠠᠷ ᠲᠤ ᠵᠢᠭᠰᠠᠭᠠᠭᠳᠠᠪᠠ᠃ ᠦᠢᠯᠡᠴᠢᠯᠡᠭᠡᠨ ᠤ ᠦᠢᠯᠡᠰ | ᠳᠡᠰ ᠳᠡᠪᠰᠢᠪᠡ᠃ ᠬᠤᠳᠠᠯᠳᠤᠭᠠᠨ ᠤ ᠠᠵᠤ ᠠᠬᠤᠢ᠂ ᠰᠥᠨᠢ ᠶᠢᠨ ᠠᠵᠤ ᠠᠬᠤᠢ ᠦᠷᠭᠦᠯᠵᠢᠯᠡᠨ ᠬᠥᠭᠵᠢᠪᠡ᠃ ᠣᠷᠣᠨ ᠨᠤᠲᠤᠭ ᠤᠨ ᠺᠢᠨᠣ᠋ ︽ᠵᠡᠷᠭᠡᠯᠭᠡᠨᠲᠦ | ᠨᠤᠲᠤᠭ︾ ᠶᠢ ᠠᠮᠵᠢᠯᠲᠠ ᠲᠠᠢ ᠨᠡᠪᠲᠡᠷᠡᠭᠦᠯᠵᠦ᠂ ᠳᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠠᠩᠭᠠᠷ ᠤᠨ ᠲᠤᠤᠯᠢᠰ ᠤᠨ | ᠬᠠᠩᠭᠢᠨ ᠬᠤᠰᠢᠭᠤᠨ ᠳᠠᠬᠢ ᠰᠤᠳᠤᠯᠭᠠᠨ ᠤ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠤᠮᠠᠷᠠᠲᠤ ᠬᠢᠯᠢ ᠶᠢᠨ ᠰᠤᠳᠤᠯᠭᠠᠨ ᠤ ᠲᠥᠪ ᠤᠨ ᠬᠠᠩᠭᠢᠨ ᠬᠤᠰᠢᠭᠤᠨ ᠳᠠᠬᠢ ᠠᠵᠢᠯᠯᠠᠬᠤ ᠥᠷᠲᠡᠭᠡ ᠵᠢᠩᠬᠢᠨᠢ ᠪᠠᠷ ᠫᠠᠶᠢᠰᠠ ᠰᠡᠬᠦᠨ᠂ ︽ᠬᠠᠩᠭᠢᠨ ᠬᠤᠰᠢᠭᠤᠨ ᠤ | ᠬᠤᠲᠠ ᠪᠠᠯᠭᠠᠰᠤ ᠶᠢᠨ ᠲᠥᠷᠥᠯ ᠲᠡᠮᠲᠡᠭᠲᠦ ᠶᠢᠨ ᠳᠦᠷᠢ ᠲᠥᠷᠬᠦ︾ ᠶᠢ ᠨᠡᠶᠢᠲᠡᠯᠡᠪᠡ᠃ ︽ᠬᠠᠩᠭᠢᠨ ᠰᠣᠨᠢᠨ ᠮᠡᠳᠡᠭᠡ︾ ᠶᠢᠨ ᠲᠥᠷᠥᠯ ᠲᠡᠮᠳᠡᠭᠲᠦ ᠶᠢ ᠨᠡᠶᠢᠲᠡᠯᠡᠵᠦ᠂ | ᠵᠠᠭᠤᠴᠢᠯᠠᠭᠤᠷ ᠤᠨ ᠠᠭᠤᠰᠤᠯᠴᠠᠨ ᠬᠥᠭᠵᠢᠭᠰᠡᠨ ᠲᠤᠷᠰᠢᠯᠭ᠎ᠠ ᠶᠢ ᠪᠥᠬᠦ ᠣᠷᠣᠨ ᠳᠤ ᠳᠡᠯᠭᠡᠷᠡᠭᠦᠯᠪᠡ᠃︽ᠢᠷᠡᠭᠡᠳᠦᠶ ᠶᠢᠨ ᠲᠠᠯ᠎ᠠ ᠨᠤᠲᠤᠭ︾ ᠢ ᠲᠦᠷᠭᠡᠳᠬᠡᠨ | ᠠᠬᠢᠭᠤᠯᠵᠤ᠂ ᠷᠦᠩ ᠳ᠋ᠠ ᠪᠦᠯᠦᠭᠯᠡᠯ ᠤᠨ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠳᠤ ᠪᠠᠯᠠ ᠣᠷᠣᠭᠤᠯᠤᠭᠰᠠᠨ ᠷᠦᠩ ᠾᠧ ᠲᠣᠮᠤ ᠪᠠᠭᠤᠳᠠᠯ ᠤᠨ | ᠭᠤᠤᠯ ᠴᠣᠭᠴᠠ ᠶᠢᠨ ᠢᠨᠵᠧᠨᠧᠷᠢᠩ ᠢ ᠳᠠᠭᠤᠰᠬᠠᠪᠠ︔ ᠡᠯᠡᠰᠦᠨ ᠴᠦᠯ ᠤᠨ ᠬᠡᠭᠡᠷᠡᠯᠡᠨ ᠠᠶᠠᠯᠠᠬᠤ ᠣᠷᠤᠯᠳᠤᠭᠠᠨ᠂ ᠠᠽᠢᠶ᠎ᠠ ᠲᠢᠪ ᠤᠨ ᠵᠦᠬᠡᠯᠡᠨ ᠮᠠᠶ᠋ᠢᠭ ᠤᠨ | ᠪᠤᠶᠢᠺᠤ ᠪᠦᠮᠪᠦᠭᠡ ᠶᠢᠨ ᠤᠷᠤᠯᠳᠤᠭᠠᠨ᠂ ᠨᠠᠭᠠᠳᠤᠮ ᠤᠨ ᠶᠡᠭᠡ ᠬᠤᠷᠠᠯ᠂ ᠱᠦᠸᠧ ᠹᠠᠩ ᠤᠨ ᠲᠡᠤᠬᠡ ᠰᠤᠶᠤᠯ ᠤᠨ ᠰᠤᠳᠤᠯᠤᠨ ᠶᠠᠷᠢᠯᠴᠠᠬᠤ ᠬᠤᠷᠠᠯ ᠢ ᠠᠮᠵᠢᠯᠲᠠ | ᠲᠠᠢ ᠡᠷᠬᠢᠯᠡᠵᠦ᠂ ᠠᠽᠢᠶ᠎ᠠ ᠲᠢᠪ ᠤᠨ ᠶᠡᠭᠡ ᠵᠢᠭᠤᠯᠴᠢᠯᠠᠯ ᠤᠨ ᠬᠠᠯᠠᠭᠤᠷᠠᠯ ᠢ ᠦᠷᠭᠦᠯᠵᠢᠯᠡᠨ ᠪᠠᠳᠠᠷᠠᠭᠤᠯᠵᠤ᠂ ᠶᠡᠭᠡ ᠬᠡᠮᠵᠢᠶᠡᠨ ᠤ ᠭᠠᠳᠠᠷ ᠣᠷᠣᠨ ᠤ | ᠵᠤᠭᠠᠴᠠᠭᠰᠠᠳ ᠤᠨ ᠰᠠᠶᠢᠰᠢᠶᠠᠯ ᠢ ᠣᠯᠪᠠ᠃ ᠵᠤᠭᠠᠴᠠᠭᠰᠠᠳ ᠢ ᠬᠦᠯᠢᠶᠡᠨ ᠠᠪᠤᠭᠰᠠᠨ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠲᠡᠦᠬᠡ ᠶᠢᠨ ᠲᠡᠮᠲᠡᠭᠯᠡᠯ ᠢ ᠡᠭᠦᠳᠴᠦ | ᠂ ᠲᠤᠰ ᠲᠤᠰ 162 ᠲᠦᠮᠡᠨ ᠬᠥᠮᠦᠨ ᠤᠳᠠᠭ᠎ᠠ ᠪᠠ 8.1 ᠳ᠋ᠦᠩᠰᠢᠭᠤᠷ ᠲᠥᠭᠦᠷᠢᠭ ᠲᠤ ᠬᠦᠷᠴᠦ᠂ 58.4% ᠪᠠ 164% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠪᠣᠬᠢᠷᠳᠣᠯ ᠦᠭᠡᠢ ᠬᠥᠭᠵᠢᠯᠲᠡ ᠳᠤ ᠠᠩᠬᠠᠷᠤᠯ ᠢᠶᠠᠨ ᠲᠦᠪᠯᠡᠷᠡᠭᠦᠯᠵᠦ᠂ ᠪᠣᠬᠢᠷᠲᠤᠯ ᠥᠬᠡᠢ ᠠᠮᠢ ᠠᠬᠤᠢ ᠶᠢᠨ ᠰᠢᠨ᠎ᠡ | ᠵᠢᠷᠤᠭᠯᠠᠯ ᠢ ᠢᠯᠡᠷᠡᠭᠦᠯᠪᠡ᠃ ᠬᠠᠲᠤᠨ ᠭᠤᠤᠯ ᠤᠨ ᠲᠣᠬᠤᠢ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠦᠨ᠂ ︽ᠠᠭᠤᠯᠠ ᠤᠰᠤ ᠣᠶ | ᠮᠣᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠢ 87 ᠲᠦᠮᠡᠨ ᠮᠥ᠂ ᠡᠯᠡᠰᠦᠷᠬᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠭᠰᠠᠨ ᠲᠠᠯᠠᠪᠠᠢ 8.6 ᠲᠦᠮᠡᠨ ᠮᠥ ᠳᠤ ᠬᠦᠷᠴᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠭᠰᠠᠨ ᠲᠠᠯᠠᠪᠠᠶ 6 ᠲᠦᠮᠡᠨ ᠮᠥ ᠰᠢᠨ᠎ᠡ ᠪᠠᠷ ᠨᠡᠮᠡᠭᠳᠡᠵᠦ | ᠂ ︽ᠤᠯᠤᠰ ᠤᠨ ᠲᠡᠰ ᠤᠨ ᠬᠥᠷᠥᠰᠥ ᠰᠢᠷᠣᠶ ᠶᠢ ᠬᠠᠮᠠᠭᠠᠯᠠᠬᠤ ᠵᠢᠱᠢᠶ᠎ᠡ ᠦᠵᠡᠭᠦᠯᠬᠦ ᠰᠢᠶᠠᠨ︾ ᠪᠠ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠢᠶᠠᠷ ᠦᠨᠡᠯᠡᠭᠳᠡᠪᠡ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠤᠢ | ᠦᠭᠡᠢ ᠪᠠᠶᠢᠳᠠᠯ ᠢ ᠴᠡᠭᠴᠡᠯᠡᠨ ᠠᠷᠢᠯᠭᠠᠬᠤ︾ ᠶᠢ ᠪᠠᠶᠢᠩᠭᠤᠵᠢᠭᠤᠯᠤᠨ ᠠᠬᠢᠭᠤᠯᠵᠤ᠂ ᠭᠤᠣᠯ ᠤᠨ ᠵᠠᠮ ᠢ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠪᠠᠶᠢᠭᠤᠯᠬᠤ᠂ | ᠬᠠᠤᠯᠢ ᠪᠤᠰᠤ ᠪᠠᠷ ᠡᠯᠡᠰᠦ ᠰᠢᠷᠤᠢ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠡᠭᠦᠷᠭᠡ ᠶᠢ 147 ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠦᠨ᠂ ᠲᠥᠪ ᠤᠨ ᠬᠤᠶᠠᠳᠤᠭᠠᠷ ᠡᠭᠡᠯᠵᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ | ᠶᠢᠰᠦᠳᠦᠭᠡᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠴᠥᠯ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠬᠢᠯᠡᠵᠦ᠂ ᠬᠠᠩᠭᠢᠨ ᠤ ᠡᠯᠡᠰᠦ | ᠵᠠᠰᠠᠭᠰᠠᠨ ᠲᠤᠷᠰᠢᠯᠭ᠎ᠠ ᠨᠢ ᠳᠠᠬᠢᠨᠲᠠ ᠪᠦᠬᠦ ᠳᠡᠯᠡᠬᠡᠢ ᠶᠢᠨ ᠠᠩᠬᠠᠷᠤᠯ ᠢ ᠲᠠᠲᠠᠵᠤ᠂ ᠳᠡᠯᠡᠬᠡᠢ ᠨᠡᠶᠢᠲᠡ ᠶᠢᠨ ᠮᠠᠭᠲᠠᠭᠠᠯ ᠰᠠᠶᠢᠰᠢᠶᠠᠯ ᠢ ᠤᠯᠪᠠ︕ | ᠨᠢᠭᠡ ᠵᠢᠯ ᠤᠨ ᠲᠤᠷᠰᠢ᠂ ᠪᠢᠳᠡ ᠵᠣᠬᠢᠴᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠡᠷᠭᠡ ᠪᠠᠷ ᠤᠷᠤᠭᠰᠢᠯᠠᠵᠤ᠂ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠪᠡ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠤᠨ | ᠠᠬᠢᠭᠤᠯᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠪᠠᠲᠤᠳᠬᠠᠪᠠ᠃ ᠬᠤᠳᠠ ᠶᠢᠨ ᠰᠢᠨᠡᠴᠢᠯᠡᠯᠲᠡ ᠶᠢ ᠰᠢᠨᠵᠢᠯᠡᠬᠦ | ᠤᠬᠠᠭᠠᠨᠴᠢ ᠪᠠᠷ ᠲᠥᠯᠦᠪᠵᠢᠭᠦᠯᠦᠨ᠂ ᠬᠤᠳᠠ ᠪᠠᠯᠭᠠᠰᠤ ᠶᠢᠨ ᠬᠥᠭᠵᠢᠯᠲᠡ ᠳᠤ ᠲᠡᠦᠬᠡ ᠰᠣᠶᠣᠯ ᠤᠨ ᠤᠯᠠᠮᠵᠢᠯᠠᠯ ᠢ ᠬᠠᠳᠠᠭᠠᠯᠠᠨ ᠰᠢᠨᠡᠳᠬᠡᠨ ᠲᠡᠰ ᠳᠡᠪᠰᠢᠭᠦᠯᠬᠦ ᠶᠢ | ᠪᠡᠶᠡᠯᠡᠭᠦᠯᠪᠡ᠃ ᠰᠢᠨᠡᠪᠠᠯᠭᠠᠰᠤ ᠶᠢᠨ 34 ᠰᠠᠭᠤᠭᠠᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ᠂ 22 ᠰᠠᠭᠤᠭᠠᠯᠢ ᠲᠣᠭᠤᠷᠢᠭ ᠤᠨ ᠲᠡᠤᠬᠡᠨ ᠦᠯᠡᠳᠡᠭᠳᠡᠯ | ᠠᠰᠠᠭᠤᠳᠠᠯ ᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠡᠮᠦᠨ᠎ᠡ ᠬᠡᠰᠡᠭ ᠤᠨ ᠬᠠᠭᠤᠴᠢᠨ ᠭᠡᠷ ᠪᠠᠶᠢᠰᠢᠩ ᠤᠨ ᠭᠠᠵᠠᠷ ᠳᠣᠤᠷᠠᠬᠢ ᠬᠤᠭᠤᠯᠠᠶ ᠲᠣᠤᠷ ᠢ ᠰᠢᠨᠡᠳᠬᠡᠨ | ᠥᠭᠡᠷᠡᠴᠢᠯᠡᠬᠦ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠤᠨ᠂ ᠬᠤᠲᠠ ᠶᠢᠨ ᠤᠰᠤᠲᠤᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ | ᠪᠠᠶᠢᠭᠤᠯᠵᠤ᠂ ᠬᠤᠲᠠ ᠶᠢᠨ ᠠᠮᠤᠷ ᠲᠦᠪᠰᠢᠨ ᠤ ᠰᠡᠷᠡᠮᠵᠢ ᠶᠢᠨ ᠬᠢᠷᠢ ᠲᠥᠪᠰᠢᠨ ᠢᠯᠡᠳᠲᠡ ᠳᠡᠭᠡᠭᠰᠢᠯᠡᠪᠡ︔ 55 ᠢᠵᠢ ︽ᠪᠠᠲᠤᠯᠠᠭᠠᠲᠤ ᠲᠤᠰᠢᠶᠠᠬᠤ ᠠᠰᠠᠷ︾ | ᠢ ᠪᠠᠶᠢᠭᠤᠯᠤᠨ᠂ 100 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠠᠰᠢᠭᠯᠠᠯᠲᠠ ᠳᠤ ᠤᠷᠤᠭᠤᠯᠵᠤ᠂ ᠬᠤᠲᠠ ᠶᠢᠨ ᠦᠢᠯᠡᠴᠢᠯᠡᠭᠡᠨ ᠤ | ᠥᠷᠲᠡᠭᠡ ᠶᠢ ᠰᠢᠨ᠎ᠡ ᠪᠠᠷ 26 ᠪᠠᠶᠢᠭᠤᠯᠤᠨ᠂ 10 ︽ᠰᠠᠭᠤᠭᠠᠯᠢ ᠠᠷᠠᠳ ᠲᠤ ᠳᠥᠭᠦᠮ ᠦᠵᠡᠭᠦᠯᠬᠦ ᠴᠡᠴᠡᠷᠯᠢᠭ︾ ᠢ ᠰᠢᠨ᠎ᠡ ᠪᠠᠷ ᠪᠠᠶᠢᠭᠤᠯᠵᠤ᠂ | ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠲᠠᠯᠠᠪᠠᠢ 5 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠨ᠂ ᠰᠢᠨᠡᠪᠠᠯᠭᠠᠰᠤᠨ ᠤ ᠮᠠᠰᠢᠨ ᠲᠡᠷᠭᠡ | ᠰᠡᠯᠪᠢᠨ ᠵᠠᠰᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠠᠰᠢᠭᠯᠠᠯᠲᠠ ᠳᠤ ᠣᠷᠤᠵᠤ᠂ ᠬᠤᠲᠠ ᠪᠠᠯᠭᠠᠰᠤᠨ ᠳᠤ ᠰᠢᠨ᠎ᠡ ᠠᠮᠢᠵᠢᠷᠠᠯ ᠤᠨ ᠬᠦᠴᠦᠨ ᠪᠢᠯᠬᠠᠪᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ | ᠲᠤᠭᠤᠢᠢᠳᠠᠯ᠎ᠠ ᠪᠠᠯᠭᠠᠰᠤᠨ ᠤ ᠨᠡᠭᠦᠳᠡᠯ ᠠᠷᠠᠳ ᠤᠨ ᠲᠣᠭᠤᠷᠢᠭ ᠢ ᠰᠡᠯᠪᠢᠨ ᠵᠠᠰᠠᠬᠤ ᠢᠨᠵᠧᠨᠧᠷᠢᠩ ᠢ ᠡᠬᠢᠯᠡᠭᠦᠯᠪᠡ︔ ᠥᠨᠳᠥᠷ ᠳᠤᠤᠷ᠎ᠠ ᠬᠦᠴᠦᠳᠡᠯᠲᠦ ᠴᠠᠬᠢᠯᠭᠠᠨ | ᠱᠤᠭᠤᠮ ᠢ 304 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 122 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠤᠨ᠂ ᠬᠦᠮᠦᠨ | ᠠᠮᠠ ᠲᠦᠪᠯᠡᠷᠡᠭᠰᠡᠨ ᠤᠷᠤᠨ ᠪᠦᠰᠡ ᠳᠤ 5G ᠰᠦᠯᠵᠢᠶ᠎ᠡ ᠶᠢ ᠨᠡᠶᠢᠲᠡᠮ ᠪᠦᠷᠬᠦᠬᠦᠯᠪᠡ︔ ᠰᠢᠨᠡᠪᠠᠯᠭᠠᠰᠤ ᠠᠴᠠ ᠳ᠋ᠧᠩᠺᠸᠤ ᠬᠦᠷᠬᠦ ᠵᠠᠰᠠᠮᠠᠯ ᠵᠠᠮ ᠢ ᠮᠤᠵᠢ ᠶᠢᠨ | ᠲᠡᠰ ᠤᠨ ᠵᠠᠰᠠᠮᠠᠯ ᠵᠠᠮ ᠢᠶᠠᠷ ᠳᠡᠰ ᠲᠡᠪᠰᠢᠭᠦᠯᠬᠦ ᠶᠢ ᠭᠤᠶᠤᠴᠢᠯᠠᠨ ᠵᠥᠪᠰᠢᠶᠡᠷᠡᠭᠦᠯᠵᠦ᠂ 8 ᠵᠤᠷᠪᠤᠰ ᠲᠡᠦᠬᠡᠨ ᠠᠴᠠ ᠦᠯᠡᠳᠡᠭᠳᠡᠵᠦ ᠢᠷᠡᠭᠰᠡᠨ ᠵᠠᠰᠠᠮᠠᠯ ᠵᠠᠮ | ᠪᠦᠬᠦᠨ ᠢᠶᠠᠷ ᠨᠡᠪᠲᠡᠷᠡᠨ᠂ ᠲᠡᠭᠡᠭ ᠤᠨ ᠰᠦᠮ᠎ᠡ ᠠᠴᠠ G242 ᠵᠠᠰᠠᠮᠠᠯ ᠵᠠᠮ ᠬᠦᠷᠬᠦ ᠵᠡᠷᠭᠡ 7 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠠᠮᠵᠢᠯᠲᠠ ᠲᠠᠢ ᠪᠠᠷ | ᠲᠡᠷᠭᠡ ᠨᠡᠪᠲᠡᠷᠡᠵᠦ᠂ 305 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠪᠡᠶᠡᠯᠡᠭᠦᠯᠦᠨ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠨᠢ ᠠᠵᠢᠯ | ᠲᠥᠷᠥᠯ ᠤᠨ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠬᠠᠩᠭᠢᠨ ᠬᠡᠰᠡᠭ ᠢ ᠲᠦᠷᠭᠡᠨ | ᠠᠬᠢᠭᠤᠯᠵᠤ᠂ ᠬᠤᠲᠠ ᠬᠥᠳᠡᠭᠡ ᠶᠢᠨ ᠭᠦᠢᠯᠭᠡᠭᠡᠨ ᠤ ︽ᠪᠢᠴᠢᠯ ᠡᠷᠭᠢᠯᠲᠡ︾ ᠶᠢ ᠢᠯᠡᠳᠲᠡ ᠰᠠᠶᠢᠵᠢᠷᠠᠭᠤᠯᠵᠤ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ | ᠰᠦᠯᠵᠢᠶ᠎ᠡ ᠶᠢ ᠲᠦᠷᠭᠡᠳᠬᠡᠨ ᠪᠦᠷᠢᠯᠳᠦᠭᠦᠯᠵᠦ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠨᠢ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ᠃ ︽ ᠶᠢᠨ ᠰᠢᠨ ᠪᠠᠨ︾ ᠨᠠᠷᠠᠲᠤ ᠲᠥᠷᠥᠯ ᠲᠡᠮᠳᠡᠭᠲᠦ ᠪᠠᠷ ᠭᠠᠷᠳᠠᠴᠠ ᠪᠣᠯᠭᠠᠵᠤ᠂ ᠲᠠᠯᠪᠢᠬᠤ ᠬᠠᠮᠢᠶᠠᠷᠬᠤ | ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ︽ᠣᠷᠣᠨ ᠪᠦᠰᠡ ᠪᠠᠷ ᠬᠢᠨᠠᠨ ᠵᠥᠪᠰᠢᠶᠡᠷᠡᠵᠦ ᠳᠠᠩᠰᠠᠯᠠᠭᠤᠯᠬᠤ︾᠂ ︽ᠣᠯᠠᠨ | ᠦᠨᠡᠯᠡᠯᠲᠡ ᠶᠢ ᠨᠢᠭᠡᠳᠬᠡᠨ᠂ ᠬᠤᠯᠪᠤᠭᠠᠯᠠᠨ ᠬᠢᠨᠠᠨ ᠵᠥᠪᠰᠢᠶᠡᠷᠡᠬᠦ︾ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ 1469 ᠵᠦᠢᠯ ᠤᠨ ᠦᠢᠯᠡᠴᠢᠯᠡᠭᠡᠨ ᠤ ᠲᠥᠷᠦᠯ ᠢ | ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠦᠨ᠂ 1283 ᠵᠦᠢᠯ ᠤᠨ ᠦᠢᠯᠡᠴᠢᠯᠡᠭᠡᠨ ᠤ ᠲᠥᠷᠦᠯ ᠢ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠦᠨᠡᠯᠡᠨ | ᠵᠢᠱᠢᠯᠲᠡ ᠳᠤ ᠶᠡᠷᠦᠩᠬᠡᠶᠢᠯᠡᠭᠰᠡᠨ ᠰᠢᠶᠠᠨ ᠤ ᠬᠡᠪᠴᠢᠶᠡᠨ ᠤ ᠲᠥᠷᠥᠯ ᠤᠨ ᠲᠡᠷᠢᠭᠦᠨ ᠨᠡᠷ᠎ᠡ ᠳᠤ ᠵᠢᠭᠰᠠᠭᠠᠭᠳᠠᠭᠰᠠᠨ ᠰᠢᠯᠢᠳᠡᠭ ᠬᠢᠷᠢ ᠪᠦᠲᠦᠮᠵᠢ ᠶᠢ ᠡᠭᠦᠳᠴᠦ᠂ | ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠬᠠᠷᠠᠭᠠᠯᠵᠠᠯ ᠬᠦᠷᠲᠡᠭᠡᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠨᠠᠩ ᠰᠢᠯᠢᠳᠡᠭᠵᠢᠪᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠳᠣ ᠬᠤᠭᠤᠴᠠᠭᠠᠨ ᠤ ᠤᠷᠮᠠᠰᠢᠭᠤᠯᠬᠤ | ᠲᠣᠭᠲᠠᠴᠠ ᠶᠢ ᠪᠠᠶᠢᠭᠤᠯᠤᠨ᠂ 5 ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠤᠨ ᠡᠮᠬᠢᠯᠡᠨ ᠨᠡᠶᠢᠯᠡᠭᠦᠯᠵᠦ᠂ ᠬᠤᠰᠢᠭᠤᠨ ᠤ | ᠬᠠᠷᠢᠶᠠᠨ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠦᠬᠦᠨ ᠢ ᠪᠣᠳᠠᠲᠤ ᠴᠣᠭᠴᠠᠵᠢᠭᠤᠯᠤᠨ ᠡᠵᠡᠩᠨᠡᠬᠦ ᠶᠢ ᠪᠡᠶᠡᠯᠡᠭᠦᠯᠦᠨ᠂ ᠡᠵᠡᠩᠨᠡᠯᠲᠡ ᠶᠢᠨ ᠣᠷᠣᠯᠭ᠎ᠠ | ᠪᠠ ᠠᠰᠢᠭ ᠬᠤᠨᠵᠢᠪᠣᠷᠢ ᠶᠢᠨ ᠪᠥᠬᠦ ᠲᠤᠭ᠎ᠠ ᠶᠢ ᠲᠣᠰ ᠲᠣᠰ 51.4%᠂ 176.9% ᠪᠠᠷ ᠨᠡᠮᠡᠭᠳᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ | ᠪᠦᠰᠡᠯᠡᠯᠲᠡ ᠶᠢ ᠰᠢᠪᠲᠤᠯᠬᠤ︾ ᠤᠷᠮ᠎ᠠ ᠶᠢ ᠬᠥᠭᠵᠢᠭᠡᠪᠡ᠃ ᠭᠠᠶᠢᠯᠢ ᠶᠢ ᠰᠠᠯᠭᠠᠬᠤ ᠲᠦᠷᠢᠮ ᠤᠨ ᠥᠭᠡᠷᠡᠴᠢᠯᠡᠯᠲᠡ ᠶᠢ ᠲᠤᠷᠰᠢᠨ ᠬᠡᠷᠡᠭᠵᠢᠭᠦᠯᠵᠦ᠂ ᠰᠤᠮᠤ | ᠪᠠᠯᠭᠠᠰᠤᠨ ᠤ ᠬᠥᠭᠵᠢᠯᠲᠡ ᠶᠢᠨ ᠰᠡᠯᠭᠦᠬᠦ ᠬᠦᠴᠦᠨ ᠢ ᠨᠠᠩ ᠪᠤᠵᠠᠭᠠᠶᠢᠷᠠᠭᠤᠯᠪᠠ᠃ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 9 ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠪᠦᠯᠬᠦᠮ᠂ 87 ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠤᠷᠤᠭᠤᠯᠵᠤ᠂ ᠡᠯᠡᠰᠦ ᠶᠢ ᠬᠦᠷᠦᠰᠢᠵᠢᠭᠦᠯᠬᠦ ᠲᠥᠷᠥᠯ ᠵᠦᠢᠯ ᠤᠨ ᠪᠦᠯᠬᠦᠮ ᠨᠢ ᠪᠥᠬᠦ ᠬᠤᠲᠠ ᠶᠢᠨ ᠠᠵᠤ ᠦᠢᠯᠡᠰ ᠤᠨ | ᠰᠢᠨ᠎ᠡ ᠶᠢ ᠡᠭᠦᠳᠦᠭᠰᠡᠨ ᠴᠢᠳᠠᠪᠤᠷᠢᠲᠠᠨ ᠤ ᠪᠦᠯᠬᠦᠮ ᠢᠶᠠᠷ ᠦᠨᠡᠯᠡᠭᠳᠡᠪᠡ︔ ᠳᠡᠭᠡᠳᠦ ᠰᠢᠨ᠎ᠡ ᠮᠡᠷᠭᠡᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢ ᠰᠢᠨ᠎ᠡ ᠪᠠᠷ 7 ᠨᠡᠮᠡᠭᠳᠡᠭᠦᠯᠵᠦ᠂ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠷᠥᠯ ᠵᠦᠢᠯ ᠨᠢ ᠠᠳᠠᠯᠢ | ᠬᠤᠭᠤᠴᠠᠭᠠᠨ ᠤ ᠬᠢ ᠠᠴᠠ 25% ᠪᠠᠷ ᠨᠡᠮᠡᠭᠳᠡᠨ᠂ 10 ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠦᠲᠦᠮᠵᠢᠲᠡᠶ | ᠬᠤᠪᠢᠷᠠᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠪᠡ︕ | ᠨᠢᠭᠡ ᠵᠢᠯ ᠤᠨ ᠲᠤᠷᠰᠢ᠂ ᠪᠢᠳᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠵᠣᠯ | ᠵᠢᠷᠭᠠᠯ ᠳᠠᠬᠢᠨ ᠰᠢᠨ᠎ᠡ ᠳᠡᠭᠳᠡᠷ ᠲᠤ ᠭᠠᠷᠪᠠ᠃ ᠪᠠᠴᠢᠮ ᠪᠤᠰᠤ ᠬᠡᠷᠡᠭᠴᠡᠭᠡᠨ ᠤ ᠵᠠᠷᠤᠯᠭ᠎ᠠ ᠶᠢ ᠪᠠᠭᠠᠰᠬᠠᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ | ᠡᠵᠡᠯᠡᠬᠦ ᠬᠤᠪᠢ ᠶᠢᠨ ᠵᠢᠩ ᠨᠢ 81.2% ᠳᠤ ᠬᠦᠷᠪᠡ᠃ 8 ᠲᠥᠷᠦᠯ ᠤᠨ ᠠᠷᠠᠳ ᠤᠨ ᠲᠥᠯᠥᠭᠡᠯᠡᠭᠴᠢᠳ ᠪᠢᠯᠧᠲ ᠥᠭᠴᠦ ᠲᠣᠭᠲᠠᠭᠠᠭᠰᠠᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠣᠷᠣᠯᠭ᠎ᠠ 29607 ᠲᠥᠭᠦᠷᠢᠭ ᠲᠤ ᠬᠦᠷᠴᠦ᠂ | 10.7% ᠪᠠᠷ ᠨᠡᠮᠡᠭᠳᠡᠪᠡ᠃ ᠳᠠᠷᠤᠭᠠᠰᠤ ᠶᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ ᠪᠠᠯᠭᠠᠰᠤᠨ ᠤ ᠠᠵᠢᠯ ᠣᠯᠭᠤᠯᠲᠠ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠭᠰᠠᠨ | ᠬᠦᠮᠦᠨ ᠤ ᠲᠤᠭ᠎ᠠ 7525 ᠨᠡᠮᠡᠭᠳᠡᠵᠦ᠂ ᠬᠦᠴᠢᠷᠳᠡᠯ ᠢ ᠠᠪᠤᠷᠠᠨ ᠲᠤᠰᠠᠯᠠᠬᠤ ᠨᠥᠬᠦᠪᠥᠷᠢ ᠮᠥᠩᠭᠦ ᠶᠢ 2596 ᠲᠦᠮᠡᠨ ᠲᠥᠭᠦᠷᠢᠭ ᠲᠠᠷᠬᠠᠭᠠᠵᠤ᠂ ᠬᠠᠩᠭᠢᠨ | ᠬᠤᠰᠢᠭᠤᠨ ᠤ ᠬᠥᠯᠦᠰᠦᠨ ᠠᠵᠢᠯᠴᠢᠨ ᠤ ᠵᠠᠬ᠎ᠠ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ ᠣᠷᠤᠭᠤᠯᠪᠠ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠯᠲᠡ ᠶᠢ ᠬᠦᠴᠦᠯᠡᠨ ᠠᠬᠢᠭᠤᠯᠵᠤ᠂ 2.6 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ ᠰᠤᠷᠭᠠᠭᠤᠯᠢ ᠶᠢᠨ ᠬᠦᠷᠢᠶᠡᠨ ᠤ ᠪᠥᠲᠥᠭᠡᠨ | ᠪᠠᠶᠢᠭᠤᠯᠤᠯᠲᠠ᠂ ᠨᠠᠷᠠᠲᠤ ᠪᠠᠭᠰᠢ ᠶᠢ ᠤᠷᠢᠨ ᠠᠪᠴᠢᠷᠠᠬᠤ᠂ ᠪᠠᠭᠰᠢ ᠠᠵᠢᠯᠲᠠᠨ ᠡᠯᠰᠡᠬᠦ ᠳᠤ ᠬᠡᠷᠡᠭᠯᠡᠵᠦ᠂ ᠶᠢᠰᠦᠳᠦᠭᠡᠷ ᠬᠡᠤᠬᠡᠳ ᠤᠨ ᠴᠡᠴᠡᠷᠯᠢᠭ᠂ ᠲᠠᠪᠤᠳᠤᠭᠠᠷ | ᠪᠠᠭ᠎ᠠ ᠰᠤᠷᠭᠠᠭᠤᠯᠢ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠤᠨ᠂ ᠲᠠᠪᠤᠳᠤᠭᠠᠷ ᠬᠡᠦᠬᠡᠳ ᠤᠨ ᠴᠡᠴᠡᠷᠯᠢᠭ ᠢ ᠪᠤᠴᠠᠭᠠᠨ ᠠᠪᠴᠢᠷᠠᠵᠤ᠂ 10 ᠨᠡᠷ᠎ᠡ ᠮᠤᠵᠢ ᠶᠢᠨ | ᠲᠠᠰ ᠤᠨ ᠨᠠᠷᠠᠲᠤ ᠰᠢᠯᠢᠳᠡᠭ ᠪᠠᠭᠰᠢ ᠶᠢ ᠤᠷᠢᠨ ᠠᠪᠴᠢᠷᠠᠵᠤ᠂ 152 ᠨᠡᠷ᠎ᠡ ᠵᠠᠯᠠᠭᠤ ᠪᠠᠭᠰᠢ ᠨᠠᠷ ᠶᠢ ᠨᠥᠭᠡᠴᠡᠯᠡᠨ ᠪᠡᠯᠡᠳᠬᠡᠵᠦ᠂ ᠬᠢᠶ᠎ᠠ ᠪᠠᠭᠰᠢ ᠶᠢᠨ ᠭᠤᠷᠪᠠᠳᠤᠭᠠᠷ | ᠪᠠᠭ᠎ᠠ ᠰᠤᠷᠭᠠᠭᠤᠯᠢ ᠲᠠᠢ ᠬᠠᠮᠲᠤᠷᠠᠨ ᠪᠠᠶᠢᠭᠤᠯᠤᠭᠰᠠᠨ ᠰᠦᠯᠵᠢᠶᠡᠨ ᠤ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠦᠨ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠲᠦᠭᠡᠮᠡᠯᠵᠢᠭᠦᠯᠬᠦ︾ ᠰᠢᠯᠭᠠᠨ ᠦᠨᠡᠯᠡᠯᠲᠡ ᠶᠢ ᠤᠷᠤᠭᠰᠢᠲᠠᠶ | ᠥᠩᠭᠡᠷᠡᠭᠡᠵᠦ᠂ ᠳᠡᠭᠡᠳᠦ ᠳᠤᠮᠳᠠᠳᠤ ᠳᠤ ᠲᠠᠪᠰᠢᠬᠤ ᠰᠢᠯᠭᠠᠯᠲᠠ ᠶᠢᠨ ᠬᠢᠷᠢ ᠪᠥᠲᠦᠮᠵᠢ ᠨᠢ ᠳᠠᠬᠢᠨ ᠰᠢᠨ᠎ᠡ ᠲᠡᠮᠲᠡᠭᠯᠡᠯ ᠢ ᠡᠭᠦᠳᠴᠦ᠂ ᠬᠤᠲᠠ ᠶᠢᠨ ᠨᠢᠭᠡᠳᠦᠭᠡᠷ | ᠳᠤᠮᠳᠠᠳᠤ ᠰᠤᠷᠭᠠᠭᠤᠯᠢ ᠳᠤ 98 ᠨᠡᠷ᠎ᠡ ᠰᠤᠷᠤᠭᠴᠢ ᠡᠯᠰᠡᠭᠳᠡᠨ ᠣᠷᠤᠵᠤ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠣᠷᠤᠬᠤ ᠨᠣᠷᠮ᠎ᠠ ᠶᠢ 84% ᠠᠴᠠ | ᠳᠡᠭᠡᠭᠰᠢ ᠪᠠᠶᠢᠯᠭᠠᠬᠤ ᠶᠢ ᠪᠠᠲᠤᠯᠠᠵᠤ᠂ ᠵᠢᠩᠬᠢᠨᠢ ᠠᠩᠭᠢ ᠳᠤ ᠤᠷᠤᠭᠰᠠᠨ ᠬᠥᠮᠦᠨ ᠤ ᠲᠤᠭ᠎ᠠ ᠨᠢ ᠪᠠᠷᠠᠭᠤᠨ ᠬᠡᠰᠡᠭ ᠤᠨ ᠳᠥᠷᠪᠡᠨ ᠬᠤᠰᠢᠭᠤᠨ ᠳᠤ ᠲᠡᠷᠢᠭᠦᠯᠡᠪᠡ᠃ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠷ ᠲᠡᠰ ᠲᠡᠪᠰᠢᠵᠦ᠂ ᠤᠯᠤᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠷᠠᠲᠤ ᠮᠣᠩᠭᠤᠯ ᠡᠮᠴᠢ ᠶᠢᠨ ᠠᠵᠢᠯᠯᠠᠬᠤ ᠥᠷᠲᠡᠭᠡ ᠪᠠ ᠮᠣᠩᠭᠤᠯ ᠠᠨᠠᠭᠠᠬᠤ ᠤᠬᠠᠭᠠᠨ ᠤ ᠪᠡᠶ᠎ᠡ ᠰᠡᠳᠬᠢᠴᠡ ᠪᠦᠬᠦᠯᠢ | ᠴᠣᠭᠴᠠ ᠶᠢᠨ ᠡᠮᠴᠢᠯᠡᠭᠡᠨ ᠤ ᠰᠠᠯᠠᠭ᠎ᠠ ᠪᠠᠶᠢᠭᠤᠯᠤᠭᠳᠠᠨ ᠫᠠᠶᠢᠰᠠ ᠰᠡᠬᠦᠪᠡ᠃ ᠦᠨᠳᠦᠰᠦᠨ ᠱᠠᠲᠤᠨ ᠤ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠢ | ᠲᠤᠬᠠᠶ ᠶᠢᠨ ᠭᠠᠵᠠᠷ ᠲᠤᠨᠢ ᠳ᠋ᠦᠩᠨᠡᠨ ᠪᠤᠳᠤᠬᠤ ᠶᠢ ᠪᠡᠶᠡᠯᠡᠭᠦᠯᠵᠦ᠂ ︽ᠰᠢᠯᠢᠳᠡᠭ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ︾ ᠨᠢ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠥᠬᠢᠭᠦᠯᠦᠯ ᠢ ᠣᠯᠪᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ | ᠬᠢᠨᠠᠯᠲᠠ ᠶᠢ ᠤᠷᠤᠭᠰᠢᠲᠠᠶ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢᠨ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ | ᠳᠤᠯᠠᠭᠠᠨ ᠬᠤᠲᠠ ᠶᠢᠨ ᠢᠲᠡᠭᠡᠮᠵᠢᠲᠦ ᠬᠤᠭᠤᠯᠠᠨ ᠭᠡᠷ ᠢ 797 ᠡᠷᠦᠬᠡ ᠬᠡᠷᠡᠭᠵᠢᠭᠦᠯᠵᠦ᠂ ︽ᠣᠶᠤᠨᠴᠢ ᠲᠣᠭᠤᠭᠠᠨ ᠭᠡᠷ︾᠂ ︽ᠣᠶᠤᠨᠴᠢ ᠬᠢᠨᠠᠯᠲᠠ | ᠬᠠᠮᠢᠶᠠᠷᠤᠯᠲᠠ︾ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠥᠪᠰᠢᠨ ᠤ ᠲᠦᠷᠦᠭᠳᠡᠯ ᠢ ᠨᠡᠮᠡᠭᠳᠡᠭᠦᠯᠪᠡ᠃ | ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ 35 ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ᠂ 8 ︽ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ︾ ᠠᠰᠢᠭᠯᠠᠯᠲᠠ ᠳᠤ ᠣᠷᠤᠵᠤ᠂ ᠨᠠᠰᠤᠲᠠᠶᠢᠴᠤᠳ ᠲᠤ ᠢᠳᠡᠭᠡᠨ | ᠤᠮᠳᠠᠭᠠᠨ ᠤ ᠦᠢᠯᠡᠴᠢᠯᠡᠭᠡ ᠪᠠ ᠬᠠᠷᠠᠭᠠᠯᠵᠠᠯ ᠬᠦᠷᠲᠡᠭᠡᠪᠡ᠃ | ᠨᠢᠭᠡ ᠵᠢᠯ ᠤᠨ ᠲᠤᠷᠰᠢ᠂ ᠪᠢᠳᠡ ᠳᠠᠷᠤᠯᠲᠠ ᠶᠢ ᠳᠠᠭᠠᠭᠠᠨ ᠤᠷᠤᠭᠰᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠳᠤ | ᠰᠢᠨ᠎ᠡ ᠬᠠᠯᠬᠠᠪᠴᠢ ᠶᠢ ᠪᠠᠲᠤ ᠴᠣᠭᠴᠠᠯᠠᠪᠠ᠃ ︽ᠠᠨᠠᠷ ᠤᠨ ᠦᠷ᠎ᠠ +︾ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ ᠬᠤᠲᠠ ᠳᠤ ᠬᠠᠮᠤᠭ ᠤᠨ | ᠲᠡᠷᠢᠭᠦᠨ ᠳᠤ ︽ᠡᠷᠦᠬᠡ᠂ ᠰᠤᠷᠭᠠᠭᠤᠯᠢ᠂ ᠥᠷᠲᠡᠭᠡ︾ ᠭᠤᠷᠪᠠ ᠶᠢ ᠨᠢᠭᠡ ᠴᠤᠭᠴᠠᠵᠢᠭᠤᠯᠤᠭᠰᠠᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠬᠡᠷᠡᠭᠵᠢᠭᠦᠯᠵᠦ᠂ ᠬᠥᠬᠡᠮᠣᠳᠤ ᠪᠠᠯᠭᠠᠰᠤ ᠪᠠ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ︽1241︾ ᠠᠵᠢᠯ ᠤᠨ ᠠᠷᠭ᠎ᠠ ᠶᠢ | ᠪᠥᠬᠦ ᠲᠠᠯ᠎ᠠ ᠪᠠᠷ ᠠᠬᠢᠭᠤᠯᠤᠨ ᠬᠡᠷᠡᠭᠵᠢᠭᠦᠯᠵᠦ᠂ ᠠᠩᠬ᠎ᠠ ᠤᠳᠠᠭᠠᠨ ᠤ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠨᠢᠭᠡ ᠤᠳᠠᠭ᠎ᠠ ᠪᠠᠷ ᠰᠢᠢᠳᠪᠦᠷᠢᠯᠡᠭᠰᠡᠨ | ᠨᠣᠷᠮ᠎ᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠤᠪᠠ᠃ ᠦᠶᠡᠷ ᠢ ᠲᠣᠭᠲᠠᠭᠠᠨ ᠬᠠᠳᠠᠭᠠᠯᠠᠬᠤ ᠣᠷᠣᠨ᠂ ᠰᠢᠲᠠᠮᠠᠬᠠᠶ ᠬᠡᠶ ᠶᠢ ᠲᠥᠭᠡᠮᠡᠯᠵᠢᠭᠦᠯᠬᠦ᠂ ᠬᠡᠷ ᠪᠠᠶᠢᠰᠢᠩ | ᠭᠠᠵᠠᠷ ᠬᠥᠷᠥᠩᠭᠡ ᠶᠢᠨ ᠦᠨᠡᠮᠯᠡᠯ ᠢ ᠲᠠᠷᠬᠠᠭᠠᠬᠤ ᠵᠡᠷᠭᠡ ᠲᠡᠤᠬᠡᠨ ᠦᠯᠡᠳᠡᠭᠳᠡᠯ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ | ᠴᠢᠬᠤᠯᠠ ᠠᠰᠠᠭᠤᠳᠠᠯ ᠢ ᠰᠢᠢᠳᠪᠦᠷᠢᠯᠡᠪᠡ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ | ᠲᠥᠷᠥᠯ ᠵᠦᠢᠯ ᠢ ᠵᠥᠪᠰᠢᠶᠡᠷᠡᠬᠦ ᠶᠣᠰᠣᠲᠠᠢ ᠶᠢ ᠨᠢ ᠪᠥᠬᠦᠨ ᠢ ᠵᠥᠪᠰᠢᠶᠡᠷᠡᠵᠦ᠂ ᠦᠢᠯᠡᠳᠪᠦᠷᠢᠯᠡᠯ ᠢᠶᠠᠨ ᠵᠣᠭᠰᠣᠭᠠᠭᠰᠠᠨ 3 ᠠᠵᠤ ᠠᠬᠤᠶᠢᠯᠠᠯ ᠢ ᠳᠠᠬᠢᠨ ᠰᠡᠷᠭᠦᠭᠡᠵᠦ | ᠂ 2502 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠡᠷᠭᠢᠯᠳᠦᠭᠦᠯᠦᠨ ᠠᠰᠢᠭᠯᠠᠵᠤ᠂ ᠰᠤᠯᠠ ᠪᠠᠶᠢᠭ᠎ᠠ ᠭᠠᠵᠠᠷ ᠰᠢᠷᠣᠢ ᠶᠢ ᠪᠥᠬᠦᠨ ᠢ | ᠰᠢᠢᠳᠪᠦᠷᠢᠯᠡᠬᠦ ᠶᠢ ᠪᠡᠶᠡᠯᠡᠭᠦᠯᠪᠡ᠃ ᠳᠠᠯᠳᠠ ᠥᠷᠢ ᠥᠭᠴᠡᠭᠡ ᠶᠢ 3.66 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠣᠨ ᠤ ᠬᠠᠷᠠᠯᠲᠠ ᠶᠢᠨ 113.6% ᠪᠠᠷ | ᠪᠡᠶᠡᠯᠡᠭᠦᠯᠪᠡ᠃ ︽ᠪᠡᠯᠡ ᠮᠥᠩᠭᠦ ᠲᠥᠷᠦᠯ ᠵᠦᠢᠯ ᠣᠯᠬᠤ︾ ᠶᠢ ᠬᠢᠨᠠᠨ ᠰᠢᠯᠭᠠᠵᠤ ᠱᠠᠩᠨᠠᠨ ᠭᠥᠬᠢᠭᠦᠯᠬᠦ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠲᠠᠭᠰᠠᠨ | ᠪᠡᠯᠡ ᠮᠥᠩᠭᠦ 47.6 ᠳ᠋ᠦᠩᠰᠢᠭᠤᠷ ᠲᠥᠭᠦᠷᠢᠭ ᠢ ᠳᠠᠪᠠᠵᠤ᠂ 29% ᠪᠠᠷ ᠨᠡᠮᠡᠭᠳᠡᠨ᠂ ᠬᠤᠶᠠᠷ ᠵᠢᠯ ᠳᠠᠷᠠᠭᠠᠯᠠᠨ ᠬᠤᠶᠠᠷ ᠣᠷᠣᠨᠲᠤ ᠲᠣᠭᠠᠨ ᠤ | ᠨᠡᠮᠡᠭᠳᠡᠯ ᠢ ᠪᠠᠲᠤᠯᠠᠵᠤ᠂ ᠥᠷᠢ ᠥᠭᠴᠡᠭᠡ ᠶᠢᠨ ᠳᠠᠷᠤᠭᠠᠰᠤ ᠶᠢ ᠤᠯᠠᠮ ᠠᠴᠠ ᠤᠯᠠᠮ ᠬᠥᠩᠭᠡᠷᠡᠭᠦᠯᠵᠦ᠂ ᠰᠤᠮᠤ ᠪᠠᠯᠭᠠᠰᠤ ᠪᠠ ᠰᠠᠯᠠᠭ᠎ᠠ ᠮᠥᠴᠢᠷ ᠤᠨ ᠠᠵᠢᠯ ᠤᠨ | ᠵᠠᠷᠤᠳᠠᠯ ᠢ ᠬᠦᠴᠦᠲᠡᠶ ᠪᠠᠲᠤᠯᠠᠨ᠂ ᠲᠤᠰᠬᠠᠶ ᠪᠠᠯᠠ ᠮᠥᠩᠭᠦ ᠶᠢᠨ ᠵᠠᠷᠤᠯᠭ᠎ᠠ ᠶᠢᠨ ᠡᠷᠭᠢᠯᠲᠡ ᠵᠥᠪ ᠵᠠᠮ ᠳᠤ ᠣᠷᠤᠪᠠ᠃ ᠢ ᠳ᠋ᠢᠩ ᠤᠨ ︽9 · 7︾ ᠤ ᠠᠮᠤᠷ | ᠲᠦᠪᠰᠢᠨ ᠤ ᠠᠳᠡᠯ ᠤᠨ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠠᠵᠢᠯ ᠢ ᠲᠣᠬᠢᠲᠠᠢ ᠪᠡᠶᠡᠯᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ | ᠲᠡᠷᠢᠭᠦᠨ ᠤ ᠬᠢ ᠲᠠᠢ ᠬᠠᠷᠢᠴᠠᠭᠤᠯᠬᠤ᠂ ᠵᠠᠰᠠᠭ ᠤᠨ ᠣᠷᠳᠣᠨ ᠠᠴᠠ ᠴᠢᠳᠠᠪᠤᠷᠢᠲᠠᠨ ᠢ ᠲᠠᠲᠠᠬᠤ᠂ ᠲᠦᠷᠢᠮ ᠲᠣᠭᠲᠠᠭᠠᠯ ᠲᠣᠭᠲᠠᠭᠠᠬᠤ᠂ ᠱᠠᠳᠤ ᠬᠤᠪᠢᠶᠠᠨ | ᠬᠠᠮᠢᠶᠠᠷᠤᠨ ᠡᠵᠡᠮᠳᠡᠬᠦ᠂ ᠣᠶᠤᠨᠴᠢ ᠪᠠᠷ ᠬᠢᠨᠠᠨ ᠬᠠᠮᠢᠶᠠᠷᠬᠤ ᠵᠡᠷᠭᠡ ᠠᠷᠭ᠎ᠠ ᠪᠠᠷᠢᠯ ᠢ ᠬᠡᠷᠡᠭᠵᠢᠭᠦᠯᠵᠦ᠂ ᠠᠮᠤᠷ ᠲᠥᠪᠰᠢᠨ ᠦᠢᠯᠡᠳᠪᠦᠷᠢᠯᠡᠯ ᠤᠨ ᠰᠢᠰᠲ᠋ᠧᠮ ᠢ ᠲᠠᠬᠢᠨ | ᠴᠣᠭᠴᠠᠯᠠᠪᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠴᠡᠷᠢᠭ ᠠᠴᠠ ᠬᠠᠯᠠᠭᠳᠠᠭᠰᠠᠳ᠂ ᠲᠤᠭ᠎ᠠ | ᠪᠦᠷᠢᠳᠬᠡᠯ ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠠᠮᠵᠢᠯᠲᠠ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠰᠢᠨ᠎ᠡ | ᠳᠠᠪᠰᠢᠯᠲᠠ ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠡᠷᠡᠮᠡᠬᠡᠶᠢᠯᠡᠨ ᠤᠷᠤᠭᠰᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ | ᠲᠠᠪᠰᠢᠯᠲᠠ ᠶᠢ ᠪᠡᠶᠡᠯᠡᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ | ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠰᠠᠶᠢᠵᠢᠷᠠᠭᠤᠯᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ | ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠤᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠪᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠦᠷᠨᠢᠭᠦᠯᠦᠨ᠂ ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ ᠢ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠳᠤ ᠣᠷᠣᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢᠨ ᠲᠡᠷᠢᠭᠦᠨ ᠴᠢᠬᠤᠯᠠ ᠤᠷᠢᠲᠠᠯ ᠪᠣᠯᠭᠠᠪᠠ᠃ ᠦᠵᠡᠯ ᠰᠤᠷᠲᠠᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ | ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠶᠡᠭᠡ ᠬᠡᠮᠵᠢᠶ᠎ᠡ ᠪᠠᠷ ᠴᠣᠮᠬᠠᠳᠬᠠᠪᠠ᠃ | ᠲᠤᠷᠰᠢᠯᠭ᠎ᠠ ᠦᠷ᠎ᠡ ᠪᠦᠲᠦᠭᠡᠯ ᠢ ᠲᠦᠢᠯᠪᠤᠷᠢᠲᠠᠢ ᠪᠠᠶᠢᠴᠠᠭᠠᠬᠤ ᠶᠢ ᠦᠷᠨᠢᠭᠦᠯᠦᠨ᠂ 50 ᠭᠠᠷᠤᠢ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠭᠡᠭᠰᠢ ᠮᠡᠳᠡᠭᠦᠯᠪᠡ᠃ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠠᠬᠢᠭᠤᠯᠵᠤ᠂ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠦᠷᠢᠮ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠠᠵᠢᠯ | ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ᠃ ᠬᠢᠨᠠᠨ ᠪᠣᠳᠤᠯᠲᠠ᠂ ᠲᠤᠭ᠎ᠠ ᠪᠦᠷᠢᠳᠬᠡᠯ᠂ ᠭᠠᠵᠠᠷ ᠰᠢᠷᠣᠶ ᠶᠢᠨ ᠬᠢᠨᠠᠨ ᠪᠠᠶᠢᠴᠠᠭᠠᠯᠲᠠ ᠵᠡᠷᠭᠡ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ 56 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠤᠨ 118 ᠬᠤᠪᠢ ᠰᠠᠨᠠᠯ ᠳᠤᠷᠠᠳᠤᠯᠭ᠎ᠠ ᠶᠢ | ᠪᠦᠬᠦᠨ ᠢ ᠪᠡᠶᠡᠯᠡᠭᠦᠯᠪᠡ᠃ ᠡᠳ᠋ ᠤᠨ ᠵᠠᠰᠠᠭ ᠤᠨ ᠲᠥᠰᠦᠪ ᠤᠨ ᠬᠢᠵᠠᠭᠠᠷᠯᠠᠯ ᠢ ᠴᠢᠩᠭᠠᠳᠬᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠢ | ᠥᠷᠭᠦᠯᠵᠢᠯᠡᠨ ᠪᠠᠭᠠᠰᠬᠠᠵᠤ᠂ ᠠᠷᠪᠢᠯᠠᠨ ᠭᠠᠮᠨᠠᠬᠤ ᠦᠵᠡᠯ ᠰᠠᠨᠠᠭ᠎ᠠ ᠬᠥᠮᠦᠰ ᠤᠨ ᠰᠡᠳᠬᠢᠯ ᠳᠤ ᠭᠦᠨ ᠬᠠᠳᠠᠩᠰᠢᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠡᠷᠡᠯᠬᠡᠭᠯᠡᠨ ᠲᠡᠮᠡᠴᠡᠭᠰᠡᠨ ᠡᠳᠦᠷ ᠬᠤᠨᠤᠭ ᠤᠳ ᠨᠢ ᠮᠠᠷᠲᠠᠭᠳᠠᠰᠢ ᠦᠭᠡᠢ᠂ ᠵᠣᠷᠢᠭᠲᠠᠢ | ᠤᠷᠤᠭᠰᠢᠯᠠᠭᠰᠠᠨ ᠤᠯᠠ ᠮᠥᠷ ᠨᠢ ᠥᠩᠭᠡ ᠭᠡᠷᠡᠯᠲᠡᠢ᠂ ᠣᠯᠤᠭᠰᠠᠨ ᠠᠮᠵᠢᠯᠲᠠ ᠣᠯᠣᠯᠲᠠ ᠨᠢ ᠴᠥᠮ ᠡᠷᠬᠢᠮ ᠨᠠᠨᠳᠢᠨ᠃ ᠡᠳᠡᠭᠡᠷ ᠠᠮᠵᠢᠯᠲᠠ ᠪᠦᠲᠦᠮᠵᠢ ᠶᠢ | ᠣᠯᠤᠭᠰᠠᠨ ᠤ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠤ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠶ | ᠳᠡᠮᠵᠢᠯᠭᠡ ᠶᠢᠨ ᠦᠷ᠎ᠡ ᠳ᠋ᠦᠩ ᠪᠠᠶᠢᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠣᠶᠤᠨ ᠤᠬᠠᠭᠠᠨ ᠪᠠ ᠬᠦᠴᠦ | ᠬᠥᠯᠥᠰᠥ ᠶᠢ ᠨᠢᠭᠲᠠᠷᠠᠭᠤᠯᠵᠤ᠂ ᠥᠩᠭᠡᠷᠡᠭᠰᠡᠨ ᠬᠦᠴᠢᠷ ᠪᠡᠷᠬᠡᠰᠢᠶᠡᠯ ᠨᠢ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠢᠲᠡᠭᠡᠯ ᠵᠣᠷᠢᠭ ᠢ ᠪᠠᠲᠤᠳᠬᠠᠵᠤ ᠪᠠᠶᠢᠨ᠎ᠠ᠃ | ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ᠂ ᠬᠠᠩᠭᠢᠨ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠳᠤ ᠣᠶᠤᠨ ᠤᠬᠠᠭᠠᠨ | ᠬᠦᠴᠦᠨ ᠴᠢᠳᠠᠯ ᠢᠶᠠᠨ ᠡᠷᠭᠦᠭᠰᠡᠨ ᠪᠥᠬᠦ ᠬᠤᠰᠢᠭᠤᠨ ᠤ ᠠᠷᠠᠳ ᠲᠦᠮᠡᠨ ᠪᠠ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠦᠪᠰᠢᠨ ᠪᠠᠶᠢᠵᠤ ᠴᠢᠳᠠᠨ᠎ᠠ᠂ ᠵᠣᠪᠠᠯ ᠵᠥᠳᠡᠭᠦᠷᠢ ᠶᠢ ᠮᠡᠳᠡᠪᠡᠯ ᠰᠠᠶ᠋ᠢ ᠬᠦᠴᠢᠷ | ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ᠃ ᠬᠠᠩᠭᠢᠨ ᠬᠤᠰᠢᠭᠤᠨ ᠤ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ | ᠪᠠᠶᠢᠬᠤ ᠶᠢ ᠪᠢᠳᠡ ᠪᠠᠰᠠ ᠭᠦᠨᠵᠡᠭᠡᠶ ᠲᠠᠨᠢᠵᠤ ᠤᠯᠪᠠ᠄ ᠨᠢᠭᠡ ᠳᠤ᠂ ᠬᠥᠭᠵᠢᠯᠲᠡ ᠨᠢ ᠭᠦᠢᠴᠡᠳ ᠪᠤᠰᠤ᠂ ᠲᠡᠩᠴᠡᠭᠦᠷᠢ ᠥᠬᠡᠶ ᠪᠠᠶᠢᠭ᠎ᠠ ᠬᠤᠰᠢᠭᠤᠨ ᠤ ᠪᠠᠶᠢᠳᠠᠯ ᠢ | ᠦᠨᠳᠦᠰᠦᠨ ᠴᠢᠨᠠᠷᠲᠠᠶ ᠬᠤᠪᠢᠷᠠᠭᠤᠯᠵᠤ ᠴᠢᠳᠠᠭ᠎ᠠ ᠦᠭᠡᠢ᠂ ᠠᠵᠤ ᠦᠢᠯᠡᠳᠪᠦᠷᠢ ᠶᠢᠨ ᠬᠦᠴᠦᠷᠬᠡᠭ ᠬᠤᠰᠢᠭᠤᠨ ᠤ ᠲᠤᠯᠭᠠᠭᠤᠷᠢᠯᠠᠬᠤ ᠦᠢᠯᠡᠳᠦᠯ ᠪᠠᠰᠠ ᠵᠥᠷᠢᠶ᠎ᠡ | ᠲᠠᠢ ᠪᠠᠶᠢᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ᠂ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠭᠡᠰᠡᠨ ᠦᠭᠡᠢ᠂ ᠠᠬ᠎ᠠ ᠳᠡᠭᠦᠤ ᠬᠤᠰᠢᠭᠤ | ᠲᠣᠭᠤᠷᠢᠭ ᠤᠨ ᠬᠤᠭᠤᠷᠤᠨᠳᠡᠬᠢ ᠵᠥᠷᠢᠶ᠎ᠡ ᠶᠢ ᠪᠠᠭᠠᠰᠬᠠᠬᠤ ᠳᠤ ᠪᠠᠰᠠ ᠨᠡᠩ ᠢᠯᠡᠭᠦᠦ ᠬᠦᠴᠦᠯᠡᠬᠦ ᠴᠢᠬᠤᠯᠠᠲᠠᠢ ᠪᠠᠶᠢᠨ᠎ᠠ᠃ ᠬᠤᠶᠠᠷ ᠲᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠡᠭᠦᠷᠭᠡ ᠬᠦᠨᠳᠦ ᠵᠠᠮ ᠬᠤᠯᠠ᠂ ᠠᠵᠤ ᠦᠢᠯᠡᠰ ᠤᠨ ᠪᠦᠲᠦᠴᠡ᠂ ᠪᠡᠯᠡ ᠣᠷᠣᠭᠤᠯᠤᠯᠲᠠ ᠶᠢᠨ ᠪᠦᠲᠦᠴᠡ | ᠰᠢᠯᠢᠳᠡᠭ ᠪᠤᠰᠤ᠂ ᠭᠡᠯᠬᠢᠶᠡᠵᠢᠯ ᠢ ᠤᠷᠲᠤᠳᠬᠠᠨ ᠭᠡᠯᠬᠢᠶᠡᠵᠢᠯ ᠢ ᠨᠥᠬᠦᠪᠦᠷᠢᠯᠡᠬᠦ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦ ᠦᠢᠯᠡᠰ ᠤᠨ ᠲᠥᠷᠥᠯ ᠵᠦᠢᠯ | ᠨᠡᠯᠢᠶᠡᠳ ᠪᠠᠭ᠎ᠠ᠂ ᠰᠢᠨ᠎ᠡ ᠪᠠᠷ ᠬᠥᠭᠵᠢᠭᠰᠡᠨ ᠠᠵᠤ ᠦᠢᠯᠡᠰ ᠬᠠᠷᠠᠬᠠᠨ ᠬᠡᠪᠴᠢᠶᠡᠵᠢᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠣᠳᠠᠲᠤ ᠬᠡᠷᠡᠭᠴᠡᠭᠡ | ᠱᠠᠭᠠᠷᠳᠠᠯᠭ᠎ᠠ ᠶᠢ ᠬᠠᠷᠠᠬᠠᠨ ᠲᠤᠯᠭᠠᠭᠤᠷᠢᠯᠠᠭᠠ ᠦᠭᠡᠢ ᠪᠠᠶᠢᠭᠰᠠᠭᠠᠷ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠬᠦ | ᠲᠣᠪᠤᠶᠢᠮ᠎ᠠ ᠪᠠᠶᠢᠵᠤ᠂ ᠣᠳᠣᠬᠢ ᠱᠠᠲᠤᠨ ᠤ ᠠᠵᠤ ᠠᠬᠤᠶ ᠶᠢᠨ ᠬᠤᠪᠢ ᠶᠢᠨ ᠵᠢᠩ ᠤᠨ ᠬᠥᠭᠵᠢᠯᠲᠡ ᠶᠢ ᠳᠡᠮᠵᠢᠬᠦ ᠬᠥᠳᠡᠯᠭᠡᠬᠦ ᠬᠦᠴᠦᠨ ᠮᠥᠨ ᠬᠦ ᠬᠦᠷᠦᠯᠴᠡᠬᠦ | ᠥᠬᠡᠶ ᠪᠠᠶᠢᠵᠤ᠂ ᠵᠠᠶᠢᠯᠠᠰᠢ ᠥᠬᠡᠶ ᠵᠠᠷᠤᠯᠭ᠎ᠠ ᠵᠢᠴᠢ ᠥᠷᠢ ᠥᠭᠴᠡᠭᠡ ᠶᠢ ᠠᠷᠢᠯᠭᠠᠬᠤ ᠨᠢ ᠬᠡᠷᠡᠭᠯᠡᠵᠦ ᠪᠣᠯᠬᠤ ᠡᠳ᠋ ᠤᠨ ᠬᠦᠴᠦᠨ ᠤ ᠨᠡᠮᠡᠭᠳᠡᠯ ᠳᠤ ᠰᠢᠨ᠎ᠡ | ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠳᠥᠷᠪᠡ ᠳᠤ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠲᠤᠲᠠᠭᠳᠠᠯ ᠣᠷᠣᠰᠢᠵᠤ᠂ ᠬᠡᠷ | ᠪᠠᠶᠢᠰᠢᠩ ᠬᠤᠳᠠᠯᠳᠤᠨ ᠠᠪᠴᠤ ᠦᠨᠡᠮᠯᠡᠯ ᠠᠪᠬᠤ᠂ ᠨᠠᠶᠢᠳᠠᠨ ᠬᠠᠮᠢᠶᠠᠷᠴᠤ ᠠᠰᠠᠷᠠᠨ ᠬᠠᠷᠠᠭᠠᠯᠵᠠᠬᠤ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ᠂ | ᠬᠡᠢ ᠪᠠᠷ ᠳᠤᠯᠠᠭᠠᠯᠠᠭ᠎ᠠ ᠬᠠᠩᠭᠠᠬᠤ ᠵᠡᠷᠭᠡ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠤᠳ ᠨᠢ ᠤᠯᠠᠨ ᠲᠦᠮᠡᠨ ᠪᠠ ᠵᠠᠰᠠᠭ ᠤᠨ ᠣᠷᠳᠣᠨ ᠤ ᠠᠩᠬᠠᠷᠤᠯ ᠢ ᠲᠠᠲᠠᠵᠤ | ᠪᠠᠶᠢᠨ᠎ᠠ᠃ ᠲᠠᠪᠤ ᠳᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠪᠠᠰᠠ ᠭᠦᠢᠴᠡᠳ ᠪᠤᠰᠤ ᠪᠠᠶᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠦᠴᠦᠯᠡᠴᠡ | ᠪᠠᠰᠠ ᠬᠦᠷᠦᠯᠴᠡᠬᠦ ᠦᠭᠡᠢ᠂ ᠺᠠᠳ᠋ᠷ ᠤᠨ ᠴᠢᠳᠠᠪᠤᠷᠢ ᠬᠡᠪ ᠴᠢᠨᠠᠷ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠤᠨ ᠱᠠᠭᠠᠷᠳᠠᠯᠭ᠎ᠠ ᠶᠢ ᠳᠠᠭᠠᠵᠤ ᠠᠮᠵᠢᠬᠤ ᠦᠭᠡᠢ | ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠳᠤ ᠰᠢᠭᠤᠳ ᠵᠥᠪ ᠢᠶᠠᠷ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠂ ᠪᠥᠬᠦ ᠬᠤᠰᠢᠭᠤᠨ ᠤ | ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2024 ᠣᠨ ᠤ ᠭᠤᠤᠯᠳᠠᠯᠭ᠎ᠠ ᠲᠠᠢ ᠠᠵᠢᠯ | ᠲᠥᠯᠥᠭᠡᠯᠡᠭᠴᠢᠳ ᠡ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ᠬᠠᠩᠭᠢᠨ | ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠢᠯᠠᠩᠭᠤᠶ᠎ᠠ ᠲᠥᠷᠥ ᠶᠢᠨ | ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠨ ᠲᠤᠰ ᠲᠤᠰ ︽ᠰᠠᠨᠠᠯ︾ ᠢ ᠰᠠᠶᠢᠲᠤᠷ | ᠨᠠᠶᠢᠳᠠᠪᠤᠷᠢᠵᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠤᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠲᠥᠷᠥ ᠶᠢᠨ ᠪᠣᠳᠣᠯᠭ᠎ᠠ | ᠨᠡᠶᠢᠲᠡᠯᠡᠵᠦ᠂ ᠬᠠᠩᠭᠢᠨ ᠬᠤᠰᠢᠭᠤᠨ ᠤ ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠪᠥᠬᠦ ᠲᠠᠯ᠎ᠠ ᠪᠠᠷ ᠳᠡᠮᠵᠢᠪᠡ᠃ | ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ | ᠠᠬᠤᠶ ᠶᠢᠨ ᠠᠵᠢᠯ ᠤᠨ ᠬᠤᠷᠠᠯ ᠠᠴᠠ ᠪᠢᠳᠡᠨ ᠳᠤ ᠬᠠᠷᠠᠯᠲᠠ ᠲᠣᠭᠲᠠᠭᠠᠨ ᠥᠭᠴᠦ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ ᠴᠤᠭ ᠵᠢᠪᠬᠤᠭ᠎ᠠ ᠪᠠᠨ | ᠪᠠᠳᠠᠷᠠᠭᠤᠯᠤᠨ᠂ ᠤᠷᠤᠭᠰᠢᠯᠠᠨ ᠲᠠᠪᠰᠢᠬᠤ ᠨᠢ ᠨᠢᠭᠡᠨᠲᠡ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯᠵᠠᠶ᠂ ᠡᠲᠡᠭᠡᠷ ᠨᠢ ᠪᠢᠳᠡᠨ ᠤ 2024 ᠣᠨ ᠤ ᠠᠵᠢᠯ ᠢ | ᠰᠠᠶᠢᠲᠤᠷ ᠬᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠠᠩᠭᠠᠭᠰᠠᠨ ᠪᠠᠶᠢᠨ᠎ᠠ᠃ ᠣᠳᠣᠬᠢ ᠪᠠᠶᠢᠳᠠᠯ ᠳᠣᠣᠷ᠎ᠠ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠭᠤᠣᠯ ᠰᠢᠵᠢᠮ ᠪᠣᠯᠭᠠᠨ᠂ ︽ᠬᠤᠶᠠᠷ ᠶᠡᠭᠡ ᠶᠠᠪᠤᠳᠠᠯ︾ ᠪᠣᠯᠤᠨ ︽ᠭᠤᠷᠪᠠᠨ ᠲᠦᠷᠪᠡ︾ ᠶᠢᠨ ᠠᠵᠢᠯ ᠤᠨ ᠡᠭᠦᠷᠭᠡ᠂ ᠬᠥᠭᠵᠢᠯᠲᠡ ᠶᠢ ᠬᠦᠴᠦᠯᠡᠨ ᠡᠷᠢᠯᠬᠢᠯᠡᠵᠦ᠂ | ᠬᠤᠴᠤᠷᠤᠩᠭᠤᠢ ᠪᠠᠶᠢᠳᠠᠯ ᠢᠶᠠᠨ ᠬᠤᠪᠢᠷᠠᠭᠤᠯᠬᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠵᠦ᠂ ᠣᠳᠣᠬᠢᠴᠢᠯᠠᠭᠰᠠᠨ ᠬᠠᠩᠭᠢᠨ ᠤ ᠪᠥᠲᠥᠭᠡᠨ ᠪᠠᠶᠢᠭᠤᠯᠤᠯᠲᠠ ᠶᠢᠨ | ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | 2024 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠦᠷᠳᠡᠭ ᠢ 6% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 30% ᠠᠴᠠ ᠲᠡᠭᠡᠭᠡᠰᠢ ᠨᠡᠮᠡᠭᠳᠡᠭᠦᠯᠦᠨ᠎ᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠬᠤ ᠪᠦᠬᠦ ᠲᠤᠭ᠎ᠠ ᠶᠢ 7% ᠪᠠᠷ ᠨᠡᠮᠡᠭᠳᠡᠭᠦᠯᠦᠨ᠎ᠡ︔ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢ | 17% ᠠᠴᠠ ᠲᠡᠭᠡᠭᠡᠰᠢ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ | ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ | ᠲᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠪᠠ ᠡᠭᠦᠷᠭᠡ ᠶᠢ ᠪᠡᠶᠡᠯᠡᠭᠦᠯᠬᠦ ᠳᠤ᠂ ᠪᠢᠳᠡ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠲᠤᠤᠷ᠎ᠠ᠂ ᠴᠢᠨᠠᠷ ᠰᠠᠶᠢᠲᠠᠶ ᠬᠥᠭᠵᠢᠯᠲᠡ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠬᠤ ᠶᠢ ᠪᠠᠷᠢᠮᠲᠠᠯᠠᠨ᠂ ︽ᠪᠢ ᠬᠥᠮᠦᠨ ᠢ ᠬᠥᠷᠬᠦ | ᠥᠬᠡᠶ︾ ᠭᠡᠰᠡᠨ ᠪᠣᠳᠣᠯ ᠢᠶᠠᠨ ᠡᠷᠡᠰ ᠲᠠᠶᠠᠭᠳᠠᠵᠤ᠂ ᠳᠠᠪᠠᠭᠤᠯᠢᠭ ᠢᠶᠠᠨ ᠲᠦᠷᠭᠡᠨ ᠪᠠᠳᠠᠷᠠᠭᠤᠯᠵᠤ᠂ ᠲᠤᠲᠠᠭᠳᠠᠯ ᠢᠶᠠᠨ ᠨᠥᠬᠦᠪᠥᠷᠢᠯᠡᠬᠦ ᠳᠤᠮᠳᠠ ᠪᠥᠬᠦ | ᠬᠦᠴᠦᠨ ᠢᠶᠠᠷ ᠢᠶᠠᠨ ᠠᠵᠤ ᠠᠬᠤᠶ ᠶᠢᠨ ᠲᠥᠯᠥᠭᠡ ᠴᠢᠷᠮᠠᠶᠢᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠠᠳᠬᠤᠨ᠂ ᠭᠦᠢᠴᠡᠨ ᠳᠠᠪᠠᠭ᠋ᠤ ᠢᠲᠡᠭᠡᠯ | ᠵᠣᠷᠢᠭ ᠢᠶᠠᠨ ᠬᠥᠪᠴᠢᠯᠡᠵᠦ᠂ ᠬᠤᠴᠣᠷᠤᠭᠰᠠᠨ ᠵᠥᠷᠢᠶ᠎ᠡ ᠪᠠᠨ ᠨᠥᠬᠦᠪᠦᠷᠢᠯᠡᠨ᠂ ᠣᠳᠣᠬᠢᠴᠢᠯᠠᠭᠰᠠᠨ ᠬᠠᠩᠭᠢᠨ ᠤ ᠰᠠᠶᠢᠨ ᠰᠠᠶᠢᠬᠠᠨ ᠢᠷᠡᠭᠡᠳᠦᠶ ᠶᠢ ᠴᠢᠷᠮᠠᠶᠢᠨ | ᠴᠣᠭᠴᠠᠯᠠᠶ᠎ᠠ︕ | ᠪᠢᠳᠠ ᠠᠮᠢ ᠠᠬᠤᠢ ᠪᠠᠷ ᠲᠤᠭ ᠲᠡᠮᠲᠡᠭ ᠪᠤᠰᠬᠠᠬᠤ ᠶᠢ ᠭᠤᠶᠢᠪᠢᠰᠢ ᠦᠭᠡᠢ ᠪᠠᠷᠢᠮᠲᠠᠯᠠᠨ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠬᠠᠮᠤᠭ ᠤᠨ ᠶᠡᠭᠡ | ᠤᠯᠤᠰ ᠲᠦᠷᠦ ᠶᠢᠨ ᠡᠭᠦᠷᠭᠡ ᠪᠣᠯᠭᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠴᠢᠨᠠᠷ ᠰᠠᠶᠢᠲᠠᠢ ᠠᠮᠢ | ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠭᠤᠯᠤᠨ᠎ᠠ︔ ᠠᠵᠤ ᠦᠢᠯᠡᠳᠪᠦᠷᠢ ᠪᠠᠷ ᠬᠤᠰᠢᠭᠤ ᠪᠠᠨ | ᠬᠦᠴᠦᠷᠬᠡᠭᠵᠢᠭᠦᠯᠬᠦ ᠶᠢ ᠭᠤᠶᠢᠪᠢᠰᠢ ᠦᠭᠡᠢ ᠪᠠᠷᠢᠮᠲᠠᠯᠠᠨ᠂ ᠰᠠᠨᠯᠬᠢᠨ ᠴᠠᠬᠢᠯᠭᠠᠨ᠂ ᠭᠡᠷᠡᠯ ᠴᠡᠨᠡᠭ ᠤᠨ ᠡᠬᠢ ᠪᠠᠶᠠᠯᠢᠭ ᠵᠡᠷᠭᠡ ᠲᠠᠯ᠎ᠠ ᠪᠠᠷ ᠬᠢ ᠬᠠᠷᠢᠴᠠᠭᠤᠯᠤᠭᠰᠠᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠲᠤᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠭᠡᠨ ᠠᠪᠴᠤ ᠰᠢᠨ᠎ᠡ ᠶᠢ ᠡᠭᠦᠳᠬᠦ ᠵᠢᠱᠢᠶ᠎ᠡ | ᠦᠵᠡᠭᠦᠯᠬᠦ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠰᠢᠨ᠎ᠡ ᠡᠨᠧᠷᠭᠢ ᠶᠢᠨ ᠬᠦᠷᠢᠶᠡᠨ ᠤ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ | ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠪᠣᠳᠠᠲᠤ ᠦᠷ᠎ᠡ ᠪᠦᠲᠦᠮᠵᠢ ᠭᠠᠷᠭᠠᠨ᠎ᠠ︔ | ᠰᠣᠶᠣᠯ ᠢᠶᠠᠷ ᠬᠠᠩᠬᠢᠨ ᠤ ᠳᠦᠷᠢ ᠳᠦᠷᠬᠦ ᠶᠢ ᠱᠤᠭᠤᠬᠤ ᠶᠢ ᠭᠤᠶᠢᠪᠢᠰᠢ ᠦᠭᠡᠢ ᠪᠠᠷᠢᠮᠲᠠᠯᠠᠨ᠂ ᠡᠯᠪᠡᠭ ᠳᠡᠯᠪᠡᠭ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠢ | ᠠᠭᠤᠳᠠᠯᠤᠨ ᠠᠰᠢᠭᠯᠠᠵᠤ᠂ ᠭᠠᠵᠠᠷ ᠣᠷᠣᠨ ᠤ ᠣᠨᠴᠠᠯᠢᠭ ᠪᠠ ᠰᠣᠶᠣᠯ ᠤᠨ ᠠᠭᠤᠯᠤᠭᠳᠠᠬᠤᠨ ᠲᠠᠢ ᠬᠤᠳᠠ ᠶᠢᠨ ᠲᠦᠷᠢ ᠲᠥᠷᠬᠦ ᠶᠢ ᠴᠣᠭᠴᠠᠯᠠᠨ᠂ ᠬᠤᠳᠠ ᠶᠢᠨ | ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠩᠬᠢᠨ ᠤ ᠬᠥᠮᠦᠨ ᠨᠢᠭᠡᠪᠦᠷᠢ ᠶᠢ ᠡᠨᠡᠬᠦ ᠭᠦᠨ ᠵᠤᠵᠠᠭᠠᠨ ᠲᠡᠦᠬᠡ ᠰᠤᠶᠤᠯ ᠲᠠᠢ | ᠣᠷᠣᠨ ᠨᠤᠲᠤᠭ ᠲᠤ ᠠᠮᠢᠳᠤᠷᠠᠭᠰᠠᠨ ᠳᠠᠭᠠᠨ ᠣᠮᠤᠭᠰᠢᠯ ᠪᠠ ᠢᠷᠠᠭᠤ ᠠᠯᠳᠠᠷ ᠢᠶᠠᠨ ᠪᠣᠯᠭᠠᠨ᠎ᠠ︔ ᠠᠷᠠᠳ ᠲᠦᠮᠡᠨ ᠢ ᠳᠡᠭᠡᠳᠦᠯᠡᠬᠦ ᠶᠢ ᠭᠤᠶᠢᠪᠢᠰᠢ ᠦᠭᠡᠢ | ᠪᠠᠷᠢᠮᠲᠠᠯᠠᠨ᠂ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ ᠢ ᠢᠮᠠᠭᠲᠠ ᠰᠡᠳᠬᠢᠯ ᠳᠡᠭᠡᠨ ᠪᠤᠳᠤᠵᠤ᠂ | ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠨ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ | ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠵᠦ᠂ ᠤᠯᠠᠨ ᠲᠦᠮᠡᠨ ᠤ ᠬᠦᠷᠢᠶᠡᠯᠡᠯ ᠢ ᠣᠯᠤᠨ᠎ᠠ︔ ᠠᠮᠤᠷ ᠲᠦᠪᠰᠢᠨ ᠬᠥᠭᠵᠢᠯᠲᠡ ᠶᠢ ᠭᠤᠶᠢᠪᠢᠰᠢ ᠦᠭᠡᠢ | ᠪᠠᠷᠢᠮᠲᠠᠯᠠᠨ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠤᠯᠠᠨ ᠤ ᠠᠮᠤᠷ ᠲᠠᠶᠢᠪᠤᠩ᠂ ᠨᠡᠶᠢᠭᠡᠮ ᠤᠨ ᠠᠮᠤᠷ | ᠲᠣᠭᠲᠠᠭᠤᠨ ᠢ ᠰᠠᠶᠢᠲᠤᠷ ᠰᠠᠬᠢᠨ ᠬᠠᠮᠠᠭᠠᠯᠠᠵᠤ᠂ ᠠᠮᠤᠷ ᠲᠦᠪᠰᠢᠨ ᠢᠶᠠᠷ ᠬᠥᠭᠵᠢᠯᠲᠡ ᠶᠢ ᠪᠠᠲᠤᠯᠠᠨ᠂ ᠬᠥᠭᠵᠢᠯᠲᠡ ᠪᠠᠷ ᠠᠮᠤᠷ ᠲᠦᠪᠰᠢᠨ ᠢ ᠠᠬᠢᠭᠤᠯᠵᠤ᠂ ᠴᠢᠨᠠᠷ | ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠠᠭᠤᠰᠤᠯᠴᠠᠯ ᠢ ᠴᠢᠷᠮᠠᠶᠢᠨ ᠪᠡᠶᠡᠯᠡᠭᠦᠯᠦᠨ᠎ᠡ︔ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ | ᠰᠢᠵᠢᠮ ᠮᠥᠨ ᠭᠡᠳᠡᠭ ᠢ ᠪᠠᠲᠤ ᠡᠵᠡᠮᠰᠢᠨ᠂ ᠵᠠᠰᠠᠭ ᠤᠨ ᠣᠷᠳᠣᠨ ᠤ ᠡᠯ᠎ᠡ ᠲᠥᠷᠦᠯ ᠤᠨ ᠠᠵᠢᠯ ᠢ ᠠᠬᠢᠭᠤᠯᠬᠤ ᠳᠤ ᠭᠤᠣᠯ ᠰᠢᠵᠢᠮ ᠠᠴᠠ ᠥᠴᠦᠬᠡᠨ ᠴᠦ | ᠵᠠᠶᠢᠳᠠᠭᠤᠯᠬᠤ ᠦᠭᠡᠢ ᠪᠠᠶᠢᠵᠤ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠲᠦᠷᠦ ᠶᠢᠨ ᠪᠤᠳᠤᠯᠭ᠎ᠠ ᠭᠠᠷᠭᠠᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠡᠯ᠎ᠡ ᠲᠠᠯ᠎ᠠ ᠳᠤ ᠡᠷᠡᠰ ᠲᠤᠭᠤᠰᠢᠯᠠᠭᠤᠯᠤᠨ᠎ᠠ᠃ | ︵ᠨᠢᠭᠡ︶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠦᠨ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ | ᠪᠣᠯᠭᠠᠨ᠎ᠠ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠦᠢᠯᠡᠴᠢᠯᠡᠭᠡᠨ ᠤ ᠪᠠᠲᠤᠯᠠᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠶᠢᠨ ᠴᠢᠬᠤᠯᠠ ᠲᠤᠯᠭᠠᠭᠤᠷᠢᠯᠠᠯ ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠨ᠂ ᠨᠡᠮᠡᠭᠳᠡᠯ ᠤᠨ ᠬᠡᠮᠵᠢᠶ᠎ᠡ ᠶᠢᠨ ᠲᠠᠯ᠎ᠠ ᠪᠠᠷ ᠣᠷᠣᠨ ᠵᠠᠢ ᠶᠢ | ᠥᠷᠭᠡᠳᠬᠡᠬᠦ ᠪᠠᠷ ᠬᠦᠴᠦᠯᠡᠵᠦ᠂ ᠲᠦᠷᠦᠯ ᠵᠦᠢᠯ ᠤᠨ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠩ | ᠴᠢᠩᠭᠠᠳᠬᠠᠨ᠂ ᠠᠮᠢᠵᠢᠷᠠᠯ ᠤᠨ ᠬᠦᠴᠦᠨ ᠢ ᠨᠡᠩ ᠲᠡᠭᠦᠯᠳᠡᠷᠵᠢᠭᠦᠯᠦᠨ᠎ᠡ᠃ | ᠪᠦᠬᠦ ᠬᠦᠴᠦᠨ ᠢᠶᠠᠷ ᠢᠶᠠᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ ᠶᠠᠪᠤᠳᠠᠯ | ᠮᠥᠨ᠂ ᠡᠨᠡ ᠵᠢᠯ ᠪᠢᠳᠡ 146 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠨ ᠲᠣᠭᠲᠠᠭᠠᠵᠤ᠂ ᠡᠭᠦᠨ ᠳᠤ 112 ᠲᠥᠷᠥᠯ ᠵᠦᠢᠯ | ᠢ ᠰᠢᠨ᠎ᠡ ᠪᠠᠷ ᠪᠠᠶᠢᠭᠤᠯᠤᠨ᠂ 34 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠵᠢᠯ ᠤᠨ ᠲᠣᠲᠤᠷ᠎ᠠ 188 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠡᠳᠡᠭᠡᠷ ᠲᠥᠷᠥᠯ ᠵᠦᠢᠯ ᠨᠢ ᠠᠯᠤᠰ ᠬᠡᠳᠦ ᠶᠢᠨ ᠬᠥᠭᠵᠢᠯᠲᠡ ᠶᠢᠨ ᠶᠡᠭᠡ ᠪᠣᠳᠣᠯᠭ᠎ᠠ ᠳᠤ ᠬᠤᠯᠪᠣᠭᠳᠠᠬᠤ ᠠᠵᠤ | ᠦᠢᠯᠡᠰᠵᠢᠯᠲᠡ ᠶᠢᠨ ᠲᠥᠷᠥᠯ ᠵᠦᠢᠯ ᠪᠠᠶᠢᠬᠤ ᠪᠠᠷ ᠪᠠᠷᠠᠬᠤ ᠦᠭᠡᠶ᠂ ᠪᠠᠰᠠ ᠣᠯᠠᠨ ᠲᠦᠮᠡᠨ ᠤ ᠠᠮᠢᠳᠤᠷᠠᠯ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠲᠥᠷᠥᠯ | ᠵᠦᠢᠯ ᠪᠠᠭᠲᠠᠨ᠎ᠠ᠂ ᠪᠢᠳᠡ ᠡᠷᠬᠡᠪᠰᠢ ᠡᠷᠡᠰ ᠴᠢᠩᠭ᠎ᠠ ᠣᠪᠣᠷ ᠢᠶᠠᠷ ᠬᠦᠴᠦ ᠪᠠᠨ ᠬᠠᠮᠲᠤᠳᠬᠠᠨ ᠪᠣᠭᠤᠮᠲᠠ ᠶᠢ ᠰᠢᠪᠲᠤᠯᠵᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ | ᠡᠮᠦᠨ᠎ᠡ ᠪᠣᠶ ᠪᠥᠬᠦᠶ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠬᠤᠰᠢᠭᠤᠨ ᠲᠠᠰ ᠤᠨ ᠭᠠᠷ ᠭᠦᠢᠴᠡᠳᠬᠡᠯ ᠢ ᠪᠦᠬᠦᠨ ᠢ ᠪᠡᠶᠡᠯᠡᠭᠦᠯᠦᠨ᠂ ᠦᠷᠭᠦᠯᠵᠢᠯᠡᠨ | ᠪᠠᠶᠢᠭᠤᠯᠬᠤ ᠲᠥᠷᠥᠯ ᠵᠦᠢᠯ ᠢ ᠪᠦᠬᠦᠨ ᠢ ᠰᠡᠷᠭᠦᠭᠡᠵᠦ᠂ 16 ᠲᠥᠷᠦᠯ ᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠳᠣᠭᠢᠷᠠᠭᠤᠯᠤᠭᠰᠠᠨ | ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠬᠠᠪᠤᠷ ᠤᠨ ᠡᠬᠢ ᠪᠠᠷ ᠳᠠᠷᠤᠶ ᠠᠵᠢᠯ ᠡᠬᠢᠯᠡᠭᠦᠯᠦᠨ᠂ 78 ᠲᠥᠷᠥᠯ ᠵᠦᠢᠯ ᠢ ᠵᠢᠯ ᠤᠨ ᠡᠴᠦᠰ ᠠᠴᠠ ᠡᠮᠦᠨ᠎ᠡ | ᠪᠠᠶᠢᠭᠤᠯᠤᠨ ᠳᠠᠭᠤᠰᠬᠠᠬᠤ ᠶᠢ ᠦᠨᠡᠨᠬᠦ ᠪᠠᠲᠤᠯᠠᠵᠤ᠂ ᠪᠥᠬᠦ ᠵᠢᠯ ᠤᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 90% ᠠᠴᠠ ᠳᠠᠪᠠᠭᠤᠯᠤᠨ᠂ ᠠᠵᠢᠯ | ᠳᠠᠭᠤᠰᠬᠠᠭᠰᠠᠨ ᠨᠣᠷᠮ᠎ᠠ ᠶᠢ 50% ᠠᠴᠠ ᠳᠠᠪᠠᠭᠤᠯᠵᠤ᠂ ︽ᠰᠠᠶᠢᠨ ᠡᠬᠢᠯᠡᠯᠲᠡ ᠲᠠᠢ︾ ᠪᠠᠶᠢᠬᠤ ᠠᠴᠠ ︽ᠪᠥᠬᠦ ᠵᠢᠯ ᠳᠤ ᠲᠣᠭᠲᠠᠭᠤᠨ ᠪᠠᠶᠢᠯᠭᠠᠬᠤ︾ ᠶᠢ | ᠴᠢᠷᠮᠠᠶᠢᠨ ᠪᠡᠶᠡᠯᠡᠭᠦᠯᠦᠨ᠎ᠡ᠃ | ᠨᠠᠷᠢᠯᠢᠭ ᠣᠨᠤᠪᠴᠢᠲᠠᠢ ᠬᠦᠴᠦᠯᠡᠨ ᠬᠤᠳᠠᠯᠳᠤᠭᠠᠴᠢᠨ ᠤᠷᠢᠬᠤ ᠶᠢ ᠠᠳᠬᠤᠨ᠎ᠠ᠃ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠥᠪᠡᠷᠮᠢᠴᠡ ᠣᠨᠴᠠᠯᠢᠭ ᠪᠦᠬᠦᠢ ᠪᠣᠬᠢᠷᠳᠤᠯ ᠦᠭᠡᠢ ᠴᠠᠬᠢᠯᠭᠠᠨ ᠤ ᠬᠠᠩᠭᠠᠯᠭ᠎ᠠ᠂ ᠡᠯᠧᠮᠧᠨ᠋ᠲ ᠤᠨ ᠪᠠᠲᠤᠯᠠᠭ᠎ᠠ ᠶᠢᠨ ᠵᠢᠴᠢ ᠰᠢᠯᠢᠳᠡᠭ ᠦᠢᠯᠡᠴᠢᠯᠡᠭᠡ ᠵᠡᠷᠭᠡ | ᠳᠠᠪᠠᠭᠤᠯᠢᠭ ᠢᠶᠠᠨ ᠦᠷᠭᠦᠯᠵᠢᠯᠡᠨ ᠥᠷᠭᠡᠳᠬᠡᠵᠦ᠂ ᠬᠥᠭᠵᠢᠭᠰᠡᠨ ᠭᠠᠵᠠᠷ ᠣᠷᠣᠨ ᠤ ᠲᠡᠷᠢᠭᠦᠨ ᠤ ᠥᠨᠳᠥᠷ ᠠᠴᠢᠶᠠᠯᠠᠪᠤᠷᠢ ᠶᠢᠨ ᠡᠨᠧᠷᠭᠢ ᠶᠢᠨ ᠠᠵᠤ ᠦᠢᠯᠡᠰ᠂ | ᠰᠢᠨ᠎ᠡ ᠡᠨᠧᠷᠭᠢ ᠶᠢᠨ ᠣᠳᠣᠬᠢᠴᠢᠯᠠᠭᠰᠠᠨ ᠤᠭᠰᠠᠷᠠᠯᠲᠠ᠂ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠭᠡᠯᠬᠢᠶ᠎ᠡ ᠶᠢ ᠤᠷᠲᠤᠳᠬᠠᠨ | ᠨᠥᠬᠦᠪᠥᠷᠢᠯᠡᠬᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠵᠢᠴᠢ ᠰᠤᠶᠤᠯ ᠵᠢᠭᠤᠯᠴᠢᠯᠠᠯ ᠵᠡᠷᠭᠡ ᠭᠤᠣᠯᠳᠠᠯᠭ᠎ᠠ ᠲᠠᠢ ᠠᠵᠤ ᠦᠢᠯᠡᠰ ᠢ ᠴᠢᠩᠭ᠎ᠠ ᠠᠩᠬᠠᠷᠴᠤ᠂ | ᠡᠭᠦᠳᠡᠨ ᠳᠤ ᠨᠢ ᠬᠦᠷᠴᠦ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠦᠷᠨᠢᠭᠦᠯᠦᠨ᠎ᠡ᠃ ᠦᠨᠡᠨᠴᠢ | ᠢᠲᠡᠭᠡᠮᠵᠢᠲᠡᠢ ᠪᠠᠶᠢᠭᠤᠯᠤᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ᠂ ᠬᠠᠷᠢᠭᠤᠴᠠᠯᠭ᠎ᠠ | ᠡᠭᠦᠷᠭᠡᠯᠡᠬᠦ ᠵᠠᠰᠠᠭ ᠤᠨ ᠣᠷᠳᠣᠨ᠂ ᠦᠢᠯᠡᠴᠢᠯᠡᠭᠡᠨ ᠤ ᠵᠠᠰᠠᠭ ᠤᠨ ᠣᠷᠳᠣᠨ ᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠥᠬᠦ ᠶᠠᠪᠤᠴᠠ ᠳᠤ | ᠲᠣᠭᠤᠰᠢᠯᠠᠭᠤᠯᠵᠤ᠂ ᠪᠥᠬᠦ ᠵᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠯᠠ ᠮᠥᠩᠭᠦ ᠶᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ | ᠦᠨᠡᠨ ᠬᠦ ᠪᠠᠲᠤᠯᠠᠨ᠎ᠠ᠃ | ᠦᠢᠯᠡᠴᠢᠯᠡᠭᠡ ᠪᠠᠨ ᠰᠢᠯᠢᠳᠡᠭᠵᠢᠭᠦᠯᠵᠦ ᠪᠠᠲᠤᠯᠠᠭ᠎ᠠ ᠶᠢ ᠴᠢᠩᠭᠠᠳᠬᠠᠨ᠎ᠠ᠃ ᠪᠦᠬᠦ ᠬᠤᠰᠢᠭᠤᠨ ᠤ ᠡᠬᠢ ᠪᠠᠶᠠᠯᠢᠭ ᠤᠨ ᠡᠯᠧᠮᠧᠨ᠋ᠲ ᠢ ᠨᠢᠭᠡᠳᠦᠯᠲᠡᠶ ᠲᠥᠯᠥᠪᠯᠡᠵᠦ᠂ | ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠶ ᠶᠢ ᠤᠷᠢᠳ ᠢᠶᠠᠷ ᠬᠠᠩᠭᠠᠵᠤ᠂ ᠪᠡᠯᠡ ᠮᠥᠩᠭᠦ ᠶᠢ ᠤᠷᠢᠳ ᠢᠶᠠᠷ ᠨᠢᠭᠡᠳᠦᠯᠲᠡᠶ | ᠲᠥᠯᠦᠪᠯᠡᠨ᠂ ᠠᠰᠠᠭᠤᠳᠠᠯ ᠢ ᠤᠷᠢᠳ ᠢᠶᠠᠷ ᠰᠢᠢᠳᠪᠦᠷᠢᠯᠡᠵᠦ᠂ ᠴᠢᠳᠠᠪᠤᠷᠢᠲᠠᠨ ᠢ ᠤᠷᠢᠳ ᠢᠶᠠᠷ ᠪᠠᠲᠤᠯᠠᠨ᠎ᠠ᠃ ᠴᠢᠬᠤᠯᠠ ᠶᠡᠭᠡ ᠲᠥᠷᠥᠯ ᠵᠦᠢᠯ ᠢ ᠰᠢᠶᠠᠨ ᠤ | ᠲᠡᠰ ᠤᠨ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠲᠥᠷᠥᠯ ᠵᠦᠢᠯ ᠤᠨ | ᠬᠠᠮᠢᠶᠠᠷᠤᠭᠴᠢ︾ ᠪᠠ ︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ + ᠬᠠᠮᠲᠤᠷᠠᠨ ᠵᠥᠪᠳᠡᠯᠴᠡᠬᠦ︾ ᠦᠢᠯᠡᠴᠢᠯᠡᠭᠡᠨ ᠤ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠭᠠᠷᠠᠭ ᠪᠦᠷᠢ ᠬᠤᠯᠪᠣᠭᠠᠯᠠᠨ ᠬᠥᠳᠡᠯᠦᠯᠴᠡᠬᠦ ᠬᠢᠨᠠᠨ ᠵᠥᠪᠰᠢᠶᠡᠷᠡᠯᠲᠡ ᠶᠢ ᠦᠷᠭᠦᠯᠵᠢᠯᠡᠨ ᠪᠠᠷᠢᠮᠲᠠᠯᠠᠨ ᠴᠢᠩᠭᠠᠳᠬᠠᠨ᠎ᠠ᠃ ᠠᠵᠤ | ᠠᠬᠤᠶᠢᠯᠠᠯ ᠢ ᠥᠪᠡᠷ ᠤᠨ ︽ᠭᠡᠷ ᠤᠨ ᠬᠥᠮᠥᠰ︾ ᠲᠠᠢ ᠪᠠᠨ ᠠᠳᠠᠯᠢ ᠪᠠᠷ ᠦᠵᠡᠵᠦ᠂ ᠦᠢᠯᠡᠴᠢᠯᠡᠭᠡᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠥᠪᠡᠷ ᠤᠨ ᠢᠶᠠᠨ ︽ᠭᠡᠷ ᠤᠨ ᠶᠠᠪᠤᠳᠠᠯ︾ ᠪᠣᠯᠭᠠᠨ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ | ᠭᠠᠵᠠᠷ ᠰᠢᠷᠣᠢ ᠶᠢᠨ ᠬᠠᠩᠭᠠᠯᠭ᠎ᠠ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ᠂ ᠬᠥᠮᠥᠷᠭᠡ ᠳᠤ ᠣᠷᠣᠭᠤᠯᠵᠤ ᠪᠦᠷᠢᠳᠬᠡᠬᠦ ᠵᠡᠷᠭᠡ ᠡᠯ᠎ᠡ ᠲᠥᠷᠦᠯ ᠤᠨ ᠠᠵᠢᠯ ᠢ | ᠰᠠᠶᠢᠲᠤᠷ ᠬᠢᠵᠦ᠂ ᠬᠠᠩᠬᠢᠨ ᠳᠤ ᠢᠷᠡᠵᠦ ᠪᠡᠯᠡ ᠣᠷᠣᠭᠤᠯᠤᠭᠰᠠᠨ ᠠᠵᠤ ᠠᠬᠤᠶᠢᠯᠠᠯᠲᠠᠨ ᠳᠤ ︽ᠭᠡᠷ ᠲᠡᠭᠡᠨ ᠬᠠᠷᠢᠭᠰᠠᠨ︾ ᠵᠣᠯ ᠵᠢᠷᠭᠠᠯᠲᠤ ᠲᠦᠷᠦᠭᠳᠡᠯ ᠢ | ᠣᠯᠭᠤᠨ᠎ᠠ᠃ | ︵ᠬᠤᠶᠠᠷ︶ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠳᠤ ᠬᠦᠴᠦ ᠪᠠᠨ ᠲᠥᠪᠯᠡᠷᠡᠭᠦᠯᠦᠨ᠂ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ | ᠬᠡᠪᠴᠢᠶᠡᠵᠢᠯ ᠶᠡᠷᠦᠩᠬᠡᠢ ᠬᠡᠮᠵᠢᠶ᠎ᠡ ᠶᠢᠨ ᠰᠢᠨ᠎ᠡ ᠲᠠᠪᠰᠢᠯᠲᠠ ᠶᠢ ᠪᠡᠶᠡᠯᠡᠭᠦᠯᠦᠨ᠂ ᠠᠵᠤ ᠦᠢᠯᠡᠰ ᠤᠨ ᠰᠦᠷᠦᠭᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ | ᠬᠠᠩᠬᠢᠨ ᠤ ᠣᠨᠴᠠᠯᠢᠭ ᠲᠠᠢ ᠤᠳᠤ ᠦᠶ᠎ᠡ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠠ ᠲᠣᠬᠢᠶᠠᠯ ᠢ | ᠠᠳᠬᠤᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠪᠥᠬᠦ ᠲᠠᠯ᠎ᠠ ᠪᠠᠷ ᠳᠠᠶᠢᠴᠢᠯᠠᠨ᠎ᠠ᠃ ᠪᠣᠬᠢᠷᠳᠣᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ | ᠰᠢᠩᠭᠡᠭᠡᠨ ᠠᠪᠬᠤ ᠮᠡᠷᠭᠡᠵᠢᠯ᠂ ᠪᠠᠶᠢᠭᠤᠯᠤᠯ ᠵᠡᠷᠭᠡ ᠣᠯᠠᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠪᠲᠤᠯᠵᠤ᠂ ᠪᠣᠬᠢᠷᠳᠣᠯ ᠦᠭᠡᠢ ᠴᠠᠬᠢᠯᠭᠠᠨ ᠢ ᠲᠤᠬᠠᠶ ᠶᠢᠨ | ᠭᠠᠵᠠᠷ ᠲᠤᠨᠢ ᠰᠢᠩᠭᠡᠭᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ | ᠮᠢᠩᠭᠠᠨ ᠲᠦᠮᠡᠨ ᠺᠢᠯᠣᠸᠠᠲ ᠤᠨ ᠲᠠᠰ ᠤᠨ ᠪᠣᠬᠢᠷᠳᠣᠯ ᠦᠭᠡᠢ ᠴᠠᠬᠢᠯᠭᠠᠨ ᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠰᠠᠭᠤᠷᠢᠨ ᠭᠠᠵᠠᠷ ᠢ ᠪᠠᠶᠢᠭᠤᠯᠬᠤ ᠪᠠᠷ | ᠴᠢᠷᠮᠠᠶᠢᠨ᠎ᠠ᠃ ᠳᠤᠭᠤᠶᠢᠲᠠᠯᠠ ᠠᠵᠤ ᠦᠢᠯᠡᠰ ᠤᠨ ᠬᠦᠷᠢᠶᠡᠯᠡᠩ ᠤᠨ ᠡᠮᠦᠨ᠎ᠡ ᠬᠡᠰᠡᠭ ᠤᠨ ᠲᠦᠷᠦᠯ ᠵᠦᠢᠯ ᠤᠨ ᠲᠣᠭᠤᠷᠢᠭ ᠲᠤ ᠰᠢᠨ᠎ᠡ ᠡᠨᠧᠷᠭᠢ ᠪᠣᠯᠤᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠬᠤᠯᠪᠣᠯᠳᠤᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠤᠷᠢᠳᠠᠪᠠᠷ ᠪᠠᠶᠢᠭᠤᠯᠤᠨ᠎ᠠ᠃ ᠡᠯᠧᠺᠲᠷᠣᠨ ᠳᠡᠰ ᠤᠨ ᠲᠠᠯᠠᠰᠲᠤ ᠴᠠᠬᠢᠭᠤᠷ᠂ | ᠨᠡᠭᠦᠷᠡᠰᠦᠨ ᠰᠢᠷᠬᠡᠭ᠂ ᠡᠨᠧᠷᠭᠢ ᠬᠠᠳᠠᠭᠠᠯᠠᠬᠤ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠰᠢᠨ᠎ᠡ ᠡᠨᠧᠷᠭᠢ ᠶᠢᠨ ᠤᠳᠤ | ᠦᠶ᠎ᠡ ᠶᠢᠨ ᠤᠭᠰᠠᠷᠠᠬᠤ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠨᠡᠭᠦᠷᠡᠰᠦ ᠪᠠᠷ ᠰᠠᠭᠤᠷᠢ ᠪᠣᠯᠭᠠᠭᠰᠠᠨ᠂ ᠣᠯᠠᠨ ᠡᠰᠢᠵᠢᠭᠦᠯᠦᠨ | ᠬᠥᠭᠵᠢᠭᠦᠯᠦᠭᠰᠡᠨ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠣᠲᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠤᠤᠷᠠᠳᠤ ᠤᠷᠤᠰᠬᠠᠯ ᠳᠠᠰᠢ ᠭᠤᠯᠳᠤ ᠴᠢᠭᠯᠡᠯ ᠢᠶᠠᠷ ᠬᠥᠭᠵᠢᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠂ ᠢ ᠲᠠᠢ ᠪᠥᠯᠦᠭᠯᠡᠯ ᠤᠨ ᠵᠢᠯ ᠳᠤ 20 ᠲᠦᠮᠡᠨ ᠲᠣᠨ a — ᠠᠯᠺᠤᠨ ᠦᠢᠯᠡᠳᠪᠦᠷᠢᠯᠡᠬᠦ ᠪᠠ ᠵᠢᠤᠢ ᠫᠧᠩ ᠵᠢᠯ ᠳᠤ 10 | ᠲᠦᠮᠡᠨ ᠲᠣᠨ ᠠᠮᠢᠳᠤ ᠪᠣᠳᠠᠰ ᠤᠨ ᠡᠲ᠋ᠢᠯ ᠠᠯᠺᠣᠣᠯ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠪᠥᠲᠥᠭᠡᠨ ᠪᠠᠶᠢᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ | ᠨᠡᠩ ᠣᠨᠴᠠᠯᠢᠭ ᠲᠠᠢ᠂ ᠥᠷᠢᠰᠦᠯᠳᠦᠬᠦ ᠬᠦᠴᠦᠨ ᠲᠠᠢ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠪᠣᠶ | ᠪᠣᠯᠭᠠᠨ᠎ᠠ᠃ | ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠠᠭᠤᠷᠬᠠᠢ ᠶᠢᠨ ᠣᠷᠣᠨ ᠤ ᠶᠡᠷᠦᠩᠬᠡᠢ | ᠲᠦᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠦᠬᠦ ᠲᠠᠯ᠎ᠠ ᠪᠠᠷ ᠳᠠᠭᠤᠰᠬᠠᠵᠤ᠂ ᠲᠠᠷᠢᠶᠠᠠᠭᠤᠤᠯ ᠨᠡᠭᠦᠷᠡᠰᠦᠨ ᠠᠭᠤᠷᠬᠠᠢ ᠶᠢᠨ ᠪᠠᠶᠢᠭᠤᠯᠤᠯᠲᠠ ᠶᠢ | ᠲᠦᠷᠭᠡᠳᠬᠡᠨ᠂ ᠺᠦᠢ ᠲᠧᠩ ᠭᠧᠤ ᠠᠭᠤᠷᠬᠠᠶ ᠶᠢᠨ ᠨᠡᠭᠡᠭᠡᠯᠳᠡ ᠶᠢᠨ ᠡᠷᠬᠡ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠶᠡᠷᠦᠩᠬᠡᠶ ᠪᠡᠯᠡ ᠣᠷᠣᠭᠤᠯᠤᠯᠲᠠ ᠨᠢ 1200 | ᠳ᠋ᠦᠩᠰᠢᠭᠤᠷ ᠲᠥᠭᠦᠷᠢᠭ ᠪᠥᠬᠦᠢ ᠤᠯᠤᠰ ᠤᠨ ᠡᠨᠧᠷᠭᠢ ᠤᠨ ᠪᠦᠯᠦᠭᠯᠡᠯ ᠤᠨ ᠰᠢᠨ᠎ᠡ ᠬᠡᠯᠪᠡᠷᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠭᠠᠵᠠᠷ ᠤᠨ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠳᠬᠡᠨ᠂ 4×100 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠢᠯ ᠢ ᠪᠠᠶᠢᠭᠤᠯᠬᠤ ᠪᠠᠷ | ᠢᠳᠡᠪᠬᠢᠯᠡᠨ ᠴᠢᠷᠮᠠᠶᠢᠨ᠎ᠠ᠃ ᠤᠯᠤᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠤᠤᠯᠳᠠᠯᠭ᠎ᠠ | ᠪᠣᠯᠭᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ᠂ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠬᠡᠪᠡᠷ | ᠠᠬᠢᠭᠤᠯᠵᠤ᠂ ᠬᠥᠪᠴᠢ ᠶᠢᠨ ᠭᠡᠷᠡᠯ ᠴᠡᠨᠡᠭ ᠤᠨ ᠤᠷᠲᠤ ᠴᠠᠭᠠᠨ ᠬᠡᠷᠡᠮ ᠢ ᠪᠠᠶᠢᠭᠤᠯᠤᠨ᠎ᠠ᠃ ᠮᠧᠩ ᠨᠧᠩ 170 ᠲᠦᠮᠡᠨ ᠺᠢᠯᠣᠸᠠᠲ ᠤᠨ ᠰᠠᠯᠬᠢ ᠭᠡᠷᠡᠯ ᠢᠯᠴᠢ | ᠬᠠᠳᠠᠭᠠᠯᠠᠬᠤ ᠲᠥᠷᠥᠯ ᠵᠦᠢᠯ ᠪᠣᠯᠤᠨ ᠬᠤᠸᠠ ᠨᠧᠩ ᠲᠣᠮᠣ ᠰᠠᠭᠤᠷᠢᠨ ᠭᠠᠵᠠᠷ ᠤᠨ 200 ᠲᠦᠮᠡᠨ ᠺᠢᠯᠣᠸᠠᠲ ᠤᠨ ᠬᠤᠰᠢᠭᠤᠴᠢ ᠵᠢᠱᠢᠶ᠎ᠡ ᠦᠵᠡᠭᠦᠯᠬᠦ | ᠢᠨᠵᠧᠨᠧᠷᠢᠩ ᠢ ᠪᠠᠶᠢᠭᠤᠯᠤᠨ ᠲᠣᠤᠷ ᠲᠤ ᠨᠡᠶᠢᠯᠡᠭᠦᠯᠬᠦ ᠶᠢ ᠲᠦᠯᠬᠢᠨ ᠠᠬᠢᠭᠤᠯᠤᠨ᠎ᠠ᠃ ᠬᠤᠷᠠᠮᠠᠯ ᠦᠷᠳᠡᠭᠡ᠂ ᠬᠦᠶᠦᠳᠡᠯ ᠰᠣᠯᠢᠬᠤ ᠦᠷᠳᠡᠭᠡ ᠶᠢᠨ ᠲᠥᠯᠥᠪᠵᠢᠭᠦᠯᠭᠡ | ᠪᠠᠶᠢᠷᠢᠯᠠᠭᠤᠯᠤᠯᠲᠠ ᠵᠢᠴᠢ ᠭᠠᠳᠠᠭᠰᠢ ᠬᠦᠷᠭᠡᠬᠦ ᠨᠡᠪᠳᠡᠷᠡᠯ ᠵᠠᠮ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠭᠦᠸᠧ ᠰᠠᠨ ᠯᠢᠶᠠᠩ — ᠴᠢᠶᠠᠨ ᠯᠢ | ᠱᠠᠨ᠂ ᠭᠦᠸᠧ ᠰᠠᠨ ᠯᠢᠶᠠᠩ — ᠳ᠋ᠧ ᠯᠢᠩ ᠱᠠᠨ ᠬᠦᠷᠬᠦ ᠵᠡᠷᠭᠡ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠵᠠᠮ ᠱᠤᠭᠤᠮ ᠤᠨ ᠢᠨᠵᠧᠨᠧᠷᠢᠩ ᠢ ᠰᠠᠶᠢᠲᠤᠷ | ᠬᠡᠷᠡᠭᠵᠢᠭᠦᠯᠦᠨ᠂ ᠪᠦ᠋ ᠡᠦ ᠶᠢᠨ ᠨᠡᠭᠡᠭᠡᠯᠭᠡ ᠶᠢᠨ ᠥᠷᠳᠡᠭᠡ ᠶᠢᠨ 500 ᠺᠢᠯᠤᠸᠤᠯᠲ ᠤᠨ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠺᠦ᠋ ᠱᠠ ᠰᠧ ᠶᠢᠨ 500 ᠺᠢᠯᠤᠸᠤᠯᠲ ᠤᠨ ᠴᠠᠬᠢᠯᠭᠠᠨ ᠬᠦᠷᠭᠡᠵᠦ | ᠬᠦᠴᠦᠳᠡᠯ ᠥᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠤᠨ᠎ᠠ᠃ ᠨᠡᠭᠦᠷᠡᠰᠦᠨ ᠳᠠᠪᠬᠤᠷᠭ᠎ᠠ ᠶᠢᠨ ᠬᠡᠶ ᠶᠢ ᠬᠠᠶᠢᠨ ᠰᠢᠨᠵᠢᠯᠡᠵᠦ ᠨᠡᠭᠡᠭᠡᠨ | ᠬᠥᠭᠵᠢᠭᠦᠯᠬᠦ ᠶᠢ ᠪᠣᠳᠠᠲᠠᠶ ᠠᠬᠢᠴᠠ ᠲᠠᠢ ᠪᠣᠯᠭᠠᠬᠤ ᠶᠢ ᠠᠬᠢᠭᠤᠯᠤᠨ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ | ᠪᠠᠶᠢᠭᠠᠯᠢ ᠶᠢᠨ ᠰᠢᠲᠠᠮᠠᠬᠠᠶ ᠬᠡᠶ ᠶᠢ ᠨᠡᠭᠡᠭᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠶᠡᠷᠦᠩᠬᠡᠶ ᠬᠡᠮᠵᠢᠶ᠎ᠡ ᠶᠢ 20 ᠳ᠋ᠦᠩᠰᠢᠭᠤᠷ ᠺᠥᠪ ᠮᠧᠲᠷ ᠠᠴᠠ ᠳᠡᠭᠡᠭᠰᠢ | ᠪᠠᠶᠢᠯᠭᠠᠬᠤ ᠶᠢ ᠲᠣᠭᠲᠠᠪᠤᠷᠢᠵᠢᠭᠤᠯᠤᠨ᠂ ᠦᠦᠰᠢᠨ ᠠᠴᠠ ᠬᠠᠩᠬᠢᠨ᠂ ᠰᠢᠨᠡᠪᠠᠯᠭᠠᠰᠣ ᠠᠴᠠ ᠳᠤᠭᠤᠶᠢᠲᠠᠯᠠ ᠬᠦᠷᠬᠦ ᠬᠤᠶᠠᠳᠤᠭᠠᠷ ᠬᠤᠭᠤᠴᠠᠭᠠᠨ ᠤ ᠪᠠᠶᠢᠭᠠᠯᠢ ᠶᠢᠨ | ᠰᠢᠲᠠᠮᠠᠬᠠᠶ ᠬᠡᠶ ᠳᠠᠮᠵᠢᠭᠤᠯᠬᠤ ᠬᠤᠭᠤᠯᠠᠶ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠠᠵᠤ ᠠᠬᠤᠶᠢᠯᠠᠯ ᠳᠤ ᠰᠢᠲᠠᠮᠠᠬᠠᠶ ᠬᠡᠶ ᠬᠠᠩᠭᠠᠬᠤ ᠶᠢ ᠦᠨᠡᠨᠬᠦ | ᠪᠠᠲᠤᠯᠠᠵᠤ᠂ ᠸᠠᠨ ᠷᠦᠢ ᠶᠢᠨ ᠲᠥᠷᠦᠯ ᠵᠦᠢᠯ ᠤᠨ ᠭᠤᠷᠪᠠᠳᠤᠭᠠᠷ ᠬᠤᠭᠤᠴᠠᠭ᠎ᠠ ᠪᠠ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ᠶᠢᠨ ᠾᠧᠯᠢ ᠶᠢᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠬᠠᠩᠭᠢᠨ 2# ᠬᠤᠪᠤᠷ ᠰᠢᠷᠣᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ ᠢ ᠰᠦᠪᠡᠭᠴᠢᠯᠡᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠲᠥᠪᠯᠡᠷᠡᠭᠦᠯᠦᠨ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢ ᠥᠷᠨᠢᠭᠦᠯᠵᠦ᠂ ᠬᠠᠩᠭᠢᠨ 2# ᠬᠤᠪᠤᠷ ᠰᠢᠷᠣᠢ ᠶᠢ | ᠰᠣᠩᠭᠤᠨ ᠮᠠᠯᠲᠠᠬᠤ᠂ ᠰᠤᠳᠤᠯᠤᠨ ᠨᠡᠭᠡᠭᠡᠬᠦ᠂ ᠡᠳ᠋ᠰᠢᠭᠦᠯᠦᠨ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ | ᠨᠡᠭᠡᠭᠡᠯᠲᠡ ᠶᠢᠨ ᠲᠣᠭᠤᠷᠢᠭ ᠤᠨ ᠴᠢᠳᠠᠮᠵᠢ ᠶᠢᠨ ᠳᠡᠰ ᠳᠡᠪᠰᠢᠬᠦ ᠶᠢ ᠲᠦᠯᠬᠢᠨ ᠠᠬᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ | ᠬᠦᠷᠢᠶᠡᠯᠡᠩ ᠲᠣᠭᠤᠷᠢᠭ ᠤᠨ ᠪᠠᠷᠢᠮᠵᠢᠶ᠎ᠠ ᠪᠠᠷ ᠪᠥᠬᠦ ᠲᠠᠯ᠎ᠠ ᠪᠠᠷ ᠪᠠᠷᠢᠮᠵᠢᠶᠠᠯᠠᠵᠤ᠂ ᠨᠡᠭᠡᠭᠡᠯᠲᠡ ᠶᠢᠨ ᠲᠣᠭᠤᠷᠢᠭ ᠤᠨ ᠲᠠᠰ ᠳᠡᠪᠰᠢᠬᠦ ᠶᠢ ᠬᠦᠴᠦᠯᠡᠨ ᠠᠬᠢᠭᠤᠯᠤᠨ᠎ᠠ᠃ | ᠨᠡᠭᠡᠭᠡᠯᠲᠡ ᠶᠢᠨ ᠲᠣᠭᠤᠷᠢᠭ ᠤᠨ ᠵᠠᠮ ᠨᠡᠪᠲᠡᠷᠡᠯᠭᠡ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠰᠠᠭᠤᠷᠢ | ᠳᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠶ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠰᠦᠪᠡᠭᠴᠢᠯᠡᠨ ᠪᠠᠶᠢᠭᠤᠯᠬᠤ ᠶᠢ ᠲᠦᠷᠭᠡᠳᠬᠡᠨ᠎ᠡ᠃ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠤᠨᠴᠠᠯᠢᠭᠳᠤ | ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯ ᠢ ᠲᠡᠳᠡᠨ ᠣᠷᠣᠭᠤᠯᠬᠤ᠂ ᠠᠵᠤ ᠠᠬᠤᠶᠢᠯᠠᠯ ᠢ ᠲᠡᠳᠬᠦᠨ ᠬᠦᠷᠢᠶᠡᠯᠡᠩ | ᠲᠣᠭᠤᠷᠢᠭ ᠢ ᠬᠦᠴᠦᠷᠬᠡᠭᠵᠢᠭᠦᠯᠬᠦ ᠡᠷᠴᠢᠮ ᠢᠶᠠᠨ ᠴᠢᠩᠭᠠᠳᠬᠠᠨ᠎ᠠ᠃ ᠭᠡᠯᠬᠢᠶ᠎ᠡ ᠶᠢ ᠤᠷᠲᠤᠳᠬᠠᠨ ᠭᠡᠯᠬᠢᠶ᠎ᠡ ᠶᠢ ᠨᠥᠬᠦᠪᠥᠷᠢᠯᠡᠵᠦ ᠭᠡᠯᠬᠢᠶ᠎ᠡ ᠶᠢ ᠬᠦᠴᠦᠷᠬᠡᠭᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠰᠦᠷᠦᠭᠵᠢᠯ ᠬᠥᠭᠵᠢᠯᠲᠡ ᠶᠢ ᠠᠬᠢᠭᠤᠯᠤᠨ᠂ ᠪᠠᠯᠠ ᠮᠥᠩᠭᠦ ᠪᠠ ᠲᠥᠷᠥᠯ ᠵᠦᠢᠯ ᠢ ᠨᠢᠭᠡᠳᠦᠯᠲᠡᠶ ᠲᠥᠯᠥᠪᠯᠡᠬᠦ ᠶᠢ | ᠴᠢᠩᠭᠠᠷᠠᠭᠤᠯᠤᠨ᠂ ᠬᠠᠩᠬᠢᠨ ᠤ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠡᠪᠴᠢᠶᠡᠵᠢᠯ ᠢ ᠥᠷᠭᠡᠳᠬᠡᠨ᠂ ᠦᠢᠯᠡᠳᠬᠦᠨ ᠢ ᠨᠡᠮᠡᠭᠳᠡᠭᠦᠯᠬᠦ ᠶᠢ ᠠᠬᠢᠭᠤᠯᠵᠤ᠂ | ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 5 ᠠᠴᠠ ᠳᠡᠭᠡᠭᠰᠢ ᠨᠡᠮᠡᠭᠳᠡᠭᠦᠯᠵᠦ᠂ ᠦᠢᠯᠡᠳᠬᠦᠨ ᠤ ᠥᠷᠲᠡᠭ ᠢ | 400 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠨᠢ ᠪᠥᠬᠦ ᠣᠷᠣᠨ ᠤ ᠠᠵᠤ ᠠᠬᠤᠶ ᠶᠢᠨ | ᠨᠡᠭᠡᠭᠡᠯᠲᠡ ᠶᠢᠨ ᠤᠷᠤᠨ ᠤ ᠨᠢᠭᠡᠳᠦᠭᠡᠷ ᠡᠩᠨᠡᠭᠡᠨ ᠳᠤ ᠣᠷᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠪᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠮᠠᠯᠵᠢᠬᠤ | ᠲᠠᠷᠢᠶᠠᠯᠠᠬᠤ ᠣᠷᠣᠨ ᠤ ᠰᠢᠨ᠎ᠡ ᠵᠢᠷᠤᠭ ᠲᠥᠰᠦᠪ ᠢ ᠵᠢᠷᠤᠭᠯᠠᠨ᠎ᠠ᠃ ᠲᠠᠷᠢᠶᠠᠯᠠᠩ ᠮᠠᠯ ᠠᠵᠤ ᠠᠬᠤᠢ ᠪᠣᠯᠤᠨ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ | ᠬᠥᠭᠵᠢᠭᠦᠯᠬᠦ ᠶᠢ ᠪᠠᠷᠢᠮᠲᠠᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠰᠠᠭᠤᠷᠢᠨ | ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠲᠤᠮᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠨᠠᠩ ᠬᠦᠴᠦᠷᠬᠡᠭᠵᠢᠬᠦ ᠶᠢ ᠬᠦᠴᠦᠯᠡᠨ ᠠᠬᠢᠭᠤᠯᠤᠨ᠎ᠠ᠃ ︽ᠨᠢᠭᠡᠳᠦᠭᠡᠷ ᠠᠵᠣ ᠦᠢᠯᠡᠰ ᠢ ᠳᠠᠬᠢᠨ ᠴᠣᠭᠴᠠᠯᠠᠬᠤ︾ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾ ᠶᠢ ᠶᠡᠬᠡᠪᠡᠷ ᠠᠬᠢᠭᠤᠯᠤᠨ᠎ᠠ᠃ | ᠬᠠᠲᠤᠨ ᠭᠤᠣᠯ ᠲᠠᠭᠠᠣ ᠣᠷᠣᠨ ᠤ ᠣᠲᠣ ᠦᠶ᠎ᠡ ᠶᠢᠨ ᠲᠠᠷᠢᠶᠠᠯᠠᠩ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ | ᠪᠠᠶᠢᠭᠤᠯᠤᠯᠲᠠ ᠶᠢ ᠡᠬᠢᠯᠡᠭᠦᠯᠦᠨ᠂ ᠭᠠᠵᠠᠷ ᠰᠢᠷᠣᠢ ᠶᠢ ᠤᠷᠢᠳᠠᠪᠠᠷ ᠳᠠᠭᠠᠭᠠᠴᠢᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠪᠠᠯᠠ ᠮᠥᠩᠭᠦ ᠶᠢ | ᠡᠮᠬᠢᠯᠡᠨ ᠨᠡᠶᠢᠯᠡᠭᠦᠯᠬᠦ᠂ ᠬᠦᠴᠦᠨ ᠵᠦᠢᠯ ᠢ ᠪᠡᠯᠡᠨ ᠵᠣᠭᠤᠰ ᠪᠣᠯᠭᠠᠬᠤ᠂ ᠨᠢᠭᠡᠳᠦᠯᠲᠡᠶ ᠳᠠᠷᠢᠵᠤ ᠬᠠᠮᠲᠤᠪᠠᠷ ᠪᠠᠶᠠᠵᠢᠭᠤᠯᠬᠤ ᠵᠡᠷᠭᠡ ᠲᠣᠭᠲᠠᠴᠠ ᠶᠢ ᠪᠠᠶᠢᠭᠤᠯᠵᠤ᠂ | ᠲᠠᠷᠠᠬᠠᠢ ᠪᠣᠲᠠᠷᠬᠠᠢ ᠡᠵᠡᠩᠨᠡᠯᠲᠡ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠰᠠᠯᠭᠠᠬᠤ᠂ ᠪᠠᠯᠠ ᠮᠥᠩᠭᠦ ᠶᠢᠨ ᠣᠷᠣᠭᠤᠯᠤᠯᠲᠠ ᠵᠡᠷᠭᠡ ᠪᠣᠳᠠᠲᠠᠶ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠤᠣᠯ ᠲᠠᠭᠠᠣ ᠣᠷᠣᠨ ᠤ ᠲᠠᠷᠢᠶᠠᠯᠠᠩ ᠤᠨ ᠬᠥᠭᠵᠢᠯᠲᠡ ᠶᠢᠨ ᠳᠦᠷᠰᠦ ᠪᠠᠶᠢᠳᠠᠯ ᠢ ᠲᠦᠷᠭᠡᠳᠬᠡᠨ ᠬᠤᠪᠢᠷᠠᠭᠤᠯᠤᠨ᠎ᠠ᠃ | ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 10 ᠲᠦᠮᠡᠨ ᠮᠥ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ 3 ᠲᠦᠮᠡᠨ ᠮᠥ ᠬᠤᠵᠢᠷᠯᠢᠬ ᠭᠠᠵᠠᠷ ᠢ ᠥᠭᠡᠷᠡᠴᠢᠯᠡᠨ᠂ ᠲᠠᠷᠢᠮᠠᠯ ᠤᠨ ᠳᠠᠷᠢᠬᠤ ᠲᠠᠯᠠᠪᠠᠶ ᠶᠢ | 138 ᠲᠦᠮᠡᠨ ᠮᠥ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠵᠢᠩᠬᠢᠨᠢ ᠡᠮ ᠤᠨ ᠮᠠᠲ᠋ᠧᠷᠢᠶᠠᠯ ᠤᠨ ᠠᠵᠤ ᠦᠢᠯᠡᠰ᠂ ᠬᠠᠷᠠᠭᠠᠨ᠎ᠠ ᠶᠢᠨ ᠠᠵᠤ ᠦᠢᠯᠡᠰ᠂ | ᠲᠥᠮᠥᠰᠥ ᠶᠢᠨ ᠠᠵᠤ ᠦᠢᠯᠡᠰ ᠪᠣᠯᠤᠨ ᠴᠤᠤ ᠲᠢᠶᠠᠨ ᠵᠢᠶᠤᠤ ︵ᠯᠠᠵᠤᠤ︶ ᠶᠢᠨ ᠠᠵᠤ ᠦᠢᠯᠡᠰ ᠵᠡᠷᠭᠡ ᠳᠥᠷᠪᠡᠨ ᠠᠵᠤ ᠦᠢᠯᠡᠰ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠭᠤᠷᠪᠠᠨ ᠬᠤᠵᠢᠷᠯᠢᠬ ᠭᠠᠵᠠᠷ ᠢ ᠥᠭᠡᠷᠡᠴᠢᠯᠡᠨ ︽ᠵᠢᠭᠠᠰᠤᠨ ᠠᠵᠤ ᠦᠢᠯᠡᠰ ᠤᠨ ᠣᠷᠣᠨ ᠵᠠᠶ︾ ᠶᠢᠨ | ᠲᠤᠷᠰᠢᠯᠲᠠ ᠶᠢᠨ ᠣᠷᠣᠨ ᠢ ᠪᠠᠶᠢᠭᠤᠯᠵᠤ᠂ ᠲᠣᠭᠠᠴᠢᠯᠠᠭᠰᠠᠨ ᠨᠡᠷᠡᠨ ᠬᠡᠷᠡᠯ ᠤᠨ ᠬᠦᠯᠡᠮᠵᠢ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ᠂ ᠪᠠᠶ ᠺᠧᠨ ᠲᠥᠮᠥᠰᠥ | ᠦᠢᠯᠡᠳᠪᠦᠷᠢᠯᠡᠵᠦ ᠡᠳ᠋ᠰᠢᠭᠦᠯᠬᠦ ᠵᠡᠷᠭᠡ ᠭᠤᠤᠯᠳᠠᠯᠠᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠲᠠᠷᠢᠶᠠᠯᠠᠩ ᠤᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠬᠠᠷᠭᠤᠭᠤᠯᠤᠨ ᠬᠥᠪᠴᠢ ᠶᠢᠨ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠵᠤ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠣᠳᠣ ᠦᠶ᠎ᠡ ᠶᠢᠨ ᠮᠠᠯ ᠠᠵᠤ ᠠᠬᠤᠶ ᠶᠢ | ᠶᠡᠬᠡᠪᠡᠷ ᠬᠥᠭᠵᠢᠭᠦᠯᠵᠦ᠂ ᠪᠠᠷᠢᠮᠵᠢᠶᠠᠵᠢᠭᠰᠠᠨ ᠲᠦᠮᠡᠨ ᠲᠣᠯᠤᠭᠠᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠶᠢ 4 ᠪᠠᠶᠢᠭᠤᠯᠵᠤ᠂ ᠲᠡᠮᠡᠭᠡᠨ ᠤ ᠠᠵᠤ | ᠦᠢᠯᠡᠰ ᠤᠨ ᠬᠥᠭᠵᠢᠨ ᠪᠤᠵᠠᠭᠠᠢᠢᠷᠠᠬᠤ ᠶᠢ ᠳᠡᠮᠵᠢᠨ᠂ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡ ᠪᠠ ᠠᠯᠠᠵᠤ ᠨᠢᠲᠤᠯᠵᠤ ᠡᠳ᠋ᠰᠢᠭᠦᠯᠬᠦ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠲᠢᠶᠠᠨ ᠮᠥ ᠱᠦᠸᠧ ᠹᠠᠩ︾ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ | ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠬᠤᠶᠠᠷ | ᠪᠦᠲᠦᠭᠡᠭᠳᠡᠬᠦᠨ ᠨᠢᠭᠡ ᠲᠡᠮᠳᠡᠭ ᠨᠢᠭᠡ ᠰᠢᠨ᠎ᠡ︾ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠨᠠᠩ ᠭᠤᠶᠢᠳᠠ ᠰᠠᠶᠢᠬᠠᠨ ᠪᠣᠯᠬᠤ ᠶᠢ ᠬᠦᠴᠦᠯᠡᠨ ᠠᠬᠢᠭᠤᠯᠤᠨ᠎ᠠ᠃ ︽ᠮᠢᠩᠭ᠎ᠠ ᠲᠥᠮᠡ ᠶᠢᠨ ᠢᠨᠵᠧᠨᠧᠷᠢᠩ︾ ᠤᠨ | ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ᠂ ᠣᠷᠣᠰᠢᠨ ᠰᠠᠭᠤᠷᠢᠰᠢᠵᠤ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠠᠶᠢᠭᠤᠯᠬᠤ ᠪᠠᠷ ᠬᠦᠳᠦᠯᠦᠨ ᠳᠠᠭᠠᠭᠤᠯᠵᠤ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠦᠨ᠂ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠳᠤ ᠣᠷᠤᠯᠴᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ︽ᠠᠰᠠᠭᠤᠳᠠᠯ ᠲᠠᠢ ᠵᠣᠷᠯᠣᠩ ᠢ ᠥᠭᠡᠶᠢᠰᠬᠡᠬᠦ︾ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠨᠢᠭᠦᠯᠦᠨ᠂ | 10 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ 100 ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠎ᠡ᠃ ︽ᠥᠪᠡᠷ ᠤᠨ | ᠨᠤᠲᠤᠭ ᠤᠰᠤ ᠪᠠᠨ ᠥᠪᠡᠷ ᠢᠶᠠᠨ ᠪᠥᠲᠥᠭᠡᠨ ᠪᠠᠶᠢᠭᠤᠯᠬᠤ︾ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠶᠢ ᠦᠷᠨᠢᠭᠦᠯᠦᠨ᠂ ᠮᠠᠯᠴᠢᠨ ᠲᠠᠷᠢᠶᠠᠴᠢᠳ ᠢ ᠬᠥᠲᠥᠯᠦᠨ | ᠵᠢᠯᠣᠭᠤᠳᠴᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠳᠤ ᠢᠳᠡᠪᠬᠢᠲᠡᠶ ᠣᠷᠣᠯᠴᠠᠭᠤᠯᠵᠤ᠂ ᠵᠢᠯ ᠤᠨ ᠳᠣᠲᠣᠷ᠎ᠠ ᠪᠠᠰᠠ | 5 ᠬᠤᠲᠠ ᠶᠢᠨ ᠲᠠᠰ ᠤᠨ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠵᠠᠩ ᠰᠤᠷᠲᠠᠯ ᠤᠨ | ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠩ ᠳᠠᠳᠬᠠᠯ ᠢ ᠥᠭᠡᠷᠡᠴᠢᠯᠡᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠷᠢᠭᠦᠨ ᠤ | ᠰᠤᠮᠤ ᠪᠠᠯᠭᠠᠰᠤ 2᠂ ᠭᠠᠴᠠᠭ᠎ᠠ ᠲᠣᠰᠬᠤᠨ ᠢ 5 ᠡᠭᠦᠳᠦᠨ ᠪᠠᠶᠢᠭᠤᠯᠤᠨ᠎ᠠ᠃ | ᠮᠠᠯᠴᠢᠨ ᠲᠠᠷᠢᠶᠠᠴᠢᠳ ᠢ ᠨᠠᠩ ᠪᠠᠶᠠᠵᠢᠭᠤᠯᠬᠤ ᠶᠢ ᠬᠦᠴᠦᠯᠡᠨ ᠠᠬᠢᠭᠤᠯᠤᠨ᠎ᠠ᠃ ᠰᠢᠨ᠎ᠡ ᠡᠨᠧᠷᠭᠢ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠲᠠᠢ | ᠤᠶᠠᠯᠳᠤᠭᠤᠯᠵᠤ᠂ ᠨᠡᠩ ᠤᠯᠠᠨ ᠠᠷᠠᠳ ᠲᠦᠮᠡᠨ ᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠭᠵᠢᠯᠲᠡ ᠶᠢᠨ ᠠᠰᠢᠭ ᠢ | ᠡᠳ᠋ᠯᠡᠭᠦᠯᠦᠨ᠎ᠡ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢᠨ ᠬᠥᠭᠵᠢᠯᠲᠡ ᠶᠢ ᠲᠦᠷᠭᠡᠳᠬᠡᠵᠦ᠂ ᠵᠠᠯᠠᠭᠤᠴᠤᠳ ᠤᠨ ᠨᠤᠲᠤᠭ ᠲᠠᠭᠠᠨ ᠪᠤᠴᠠᠵᠤ ᠦᠢᠯᠡᠰ | ᠪᠤᠰᠬᠠᠬᠤ ᠶᠢ ᠵᠣᠷᠢᠭᠵᠢᠭᠤᠯᠤᠨ᠂ ᠰᠢᠭᠤᠳ ᠨᠡᠪᠲᠡᠷᠡᠭᠦᠯᠭᠡ ᠪᠠᠷ ᠣᠷᠣᠨ ᠨᠤᠲᠤᠭ ᠤᠨ ᠪᠥᠲᠦᠭᠡᠭᠳᠡᠭᠦᠨ ᠢ ᠪᠣᠷᠤᠯᠠᠭᠤᠯᠵᠤ᠂ ᠨᠡᠩ ᠤᠯᠠᠨ ᠤᠨᠴᠠᠯᠢᠭᠳᠤ | ᠲᠠᠷᠢᠶᠠᠯᠠᠩ ᠤᠨ ᠪᠦᠲᠦᠭᠡᠭᠳᠡᠬᠦᠨ ᠢ ᠪᠦᠬᠦ ᠤᠯᠤᠰ ᠲᠤ ᠳᠡᠯᠭᠡᠷᠡᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠠᠩᠭᠠᠯᠭ᠎ᠠ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡ | ᠵᠡᠷᠭᠡ ᠲᠠᠯ᠎ᠠ ᠪᠠᠷ ᠨᠠᠩ ᠶᠡᠭᠡ ᠦᠢᠯᠡᠳᠦᠯ ᠢᠶᠠᠨ ᠪᠠᠳᠠᠷᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠭᠠᠴᠢᠯᠠᠭᠰᠠᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠠᠪᠴᠠᠩ ᠢ ᠪᠥᠬᠦ ᠲᠠᠯ᠎ᠠ ᠪᠠᠷ ᠠᠬᠢᠭᠤᠯᠵᠤ᠂ ᠮᠠᠯᠴᠢᠨ ᠲᠠᠷᠢᠶᠠᠴᠢᠨ ᠤ ᠪᠡᠯᠡ ᠮᠥᠩᠭᠦ ᠬᠤᠷᠠᠮᠳᠤᠭᠤᠯᠬᠤ ᠳᠤ ᠤᠳᠠᠭᠠᠨ ᠪᠠᠶᠢᠬᠤ ᠵᠡᠷᠭᠡ | ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠢ ᠬᠡᠷᠡᠭᠵᠢᠭᠦᠯᠦᠨ᠂ | ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠲᠠ ᠶᠢᠨ ᠱᠠᠲᠤᠨ ᠠᠴᠠ ᠳᠡᠭᠡᠭᠰᠢᠬᠢ | ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢ ᠰᠢᠨ᠎ᠡ ᠪᠠᠷ 23 ᠡᠷᠦᠬᠡ ᠨᠡᠮᠡᠭᠳᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ ᠵᠠᠭᠤᠨ | ᠲᠦᠮᠡᠨ ᠲᠥᠭᠦᠷᠢᠭ ᠢ ᠳᠠᠪᠠᠭᠰᠠᠨ ᠭᠠᠴᠠᠭ᠎ᠠ ᠲᠣᠰᠬᠤᠨ ᠢ 10᠂ 50 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ ᠲᠣᠰᠬᠤᠨ ᠢ 20 ᠪᠣᠯᠭᠠᠬᠤ ᠪᠠᠷ | ᠴᠢᠷᠮᠠᠶᠢᠨ᠎ᠠ᠃ | ︵ᠳᠥᠷᠪᠡ︶ ᠬᠦᠴᠦ ᠪᠠᠨ ᠲᠥᠪᠯᠡᠷᠡᠭᠦᠯᠦᠨ ᠬᠡᠷᠡᠭᠯᠡᠭᠡ ᠶᠢ ᠠᠬᠢᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠢᠨ᠎ᠡ ᠳᠠᠯᠳᠠ ᠬᠦᠴᠦᠨ ᠢ ᠪᠠᠳᠠᠷᠠᠭᠤᠯᠤᠨ᠎ᠠ᠃ | ᠬᠡᠷᠡᠭᠯᠡᠭᠡ ᠶᠢᠨ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠤᠨ᠂ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠡᠷᠡᠭᠯᠡᠭᠡᠨ ᠤ | ᠨᠥᠬᠦᠴᠡᠯ ᠢ ᠰᠠᠶᠢᠵᠢᠷᠠᠭᠤᠯᠤᠨ᠂ ᠬᠡᠷᠡᠭᠯᠡᠭᠡᠨ ᠤ ᠣᠷᠴᠢᠨ ᠢ ᠰᠢᠯᠢᠳᠡᠭᠵᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠲᠦᠷᠭᠡᠳᠬᠡᠨ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠠᠳᠤᠨ ᠭᠤᠣᠯ᠂ ᠡᠯᠡᠰᠦᠨ ᠴᠦᠯ᠂ ᠲᠠᠯ᠎ᠠ ᠨᠤᠲᠤᠭ ᠤᠨ ᠡᠬᠢ ᠪᠠᠶᠠᠯᠢᠭ ᠲᠤ | ᠲᠦᠰᠢᠭᠯᠡᠨ᠂ ᠨᠠᠷᠢᠨ ᠨᠢᠮᠪᠠᠶ ᠲᠥᠰᠦᠪᠯᠡᠵᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠬᠦᠴᠦ | ᠲᠠᠯᠪᠢᠨ᠂ ᠨᠡᠩ ᠤᠯᠠᠨ ᠵᠤᠭᠠᠴᠠᠭᠰᠠᠳ ᠢ ᠬᠡᠷᠡᠭᠯᠡᠭᠡ ᠬᠢᠬᠦ ᠬᠦᠰᠡᠯ ᠲᠠᠢ᠂ ᠬᠡᠷᠡᠭᠯᠡᠭᠡ ᠬᠢᠬᠦ ᠭᠠᠵᠠᠷ ᠲᠠᠢ ᠪᠣᠯᠭᠠᠨ᠎ᠠ᠃ ᠳᠡᠯᠡᠬᠡᠢ ᠶᠢᠨ ᠪᠠᠷᠢᠮᠵᠢᠶ᠎ᠠ ᠳᠤ ᠨᠡᠶᠢᠴᠡᠬᠦ | ᠡᠯᠡᠰᠦᠨ ᠴᠦᠯ ᠤᠨ ᠬᠡᠭᠡᠷᠡᠯᠡᠨ ᠠᠶᠠᠯᠠᠬᠤ ᠤᠷᠤᠯᠳᠤᠭᠠᠨ ᠤ ᠵᠠᠮ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠢᠷᠡᠭᠡᠳᠦᠶ ᠶᠢᠨ ᠲᠠᠯ᠎ᠠ ᠨᠤᠲᠤᠭ᠂ ᠶᠢᠨ ᠱᠠ ᠯᠢᠩ | ᠂ ᠬᠤᠷᠤᠭᠠᠨᠴᠠᠶᠢᠳᠠᠮ ᠤᠨ ᠪᠠᠭᠤᠷᠢ ᠶᠢᠨ ᠮᠦᠽᠧᠶ ᠵᠡᠷᠭᠡ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠠᠯᠠᠭᠤᠨ ᠷᠠᠰᠢᠶᠠᠨ ᠤ ᠰᠤᠪᠢᠯᠠᠯᠲᠠ ᠠᠮᠠᠷᠠᠯᠲᠠ ᠶᠢᠨ ᠲᠦᠷᠦᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠬᠠᠩᠭᠢᠨ ᠤ ᠬᠤᠲᠠ ᠶᠢᠨ | ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠳᠬᠠᠨ᠂ ᠬᠠᠩᠭᠢᠨ ᠬᠤᠰᠢᠭᠤᠨ ᠤ ᠤᠯᠠᠮᠵᠢᠯᠠᠯᠲᠤ | ᠰᠣᠶᠣᠯ᠂ ᠪᠣᠳᠠᠰ ᠤᠨ ᠪᠤᠰᠤ ᠰᠣᠶᠣᠯ᠂ ᠲᠡᠤᠬᠡᠨ ᠲᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ᠂ ᠬᠤᠪᠢᠰᠬᠠᠯ ᠤᠨ ᠤᠯᠠᠮᠵᠢᠯᠠᠯᠲᠤ ᠥᠯᠢᠭᠡᠷ ᠢ ᠰᠠᠶᠢᠲᠤᠷ ᠶᠠᠷᠢᠵᠤ | ᠂ ᠱᠦᠸᠧ ᠹᠠᠩ ᠤᠨ ᠲᠡᠣᠬᠡ ᠰᠣᠶᠣᠯ ᠤᠨ ᠶᠠᠷᠢᠶᠠᠨ ᠤ ᠲᠠᠪᠴᠠᠩ ᠢ ᠰᠠᠶᠢᠲᠤᠷ ᠡᠷᠬᠢᠯᠡᠨ᠂ ᠣᠨᠴᠠᠯᠢᠭᠲᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠪᠣᠶ | ᠪᠣᠯᠭᠠᠨ᠎ᠠ᠃ ᠤᠷᠤᠯᠳᠤᠭᠠᠨ ᠤ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠳᠠᠶᠢᠴᠢᠯᠠᠬᠤ ᠦᠢᠯᠡᠳᠦᠯ ᠪᠠ ᠠᠵᠤ ᠠᠬᠤᠶ ᠶᠢᠨ ᠦᠷ᠎ᠡ ᠠᠰᠢᠭ ᠢ ᠨᠠᠩ ᠴᠢᠬᠤᠯᠠᠴᠢᠯᠠᠵᠤ᠂ | ᠳᠤᠮᠳᠠᠳᠤ ᠤᠯᠤᠰ ᠤᠨ ᠬᠥᠪᠴᠢ ᠶᠢᠨ ᠡᠯᠡᠰᠦᠨ ᠴᠥᠯ ᠤᠨ ᠬᠡᠭᠡᠷᠡᠯᠡᠨ ᠠᠶᠠᠯᠠᠬᠤ ᠤᠷᠤᠯᠳᠤᠭᠠᠨ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠬᠡᠭᠡᠷᠡᠯᠡᠨ | ᠠᠶᠠᠯᠠᠬᠤ ᠮᠠᠩᠯᠠᠶ ᠰᠢᠯᠭᠠᠷᠠᠭᠤᠯᠬᠤ ᠤᠷᠤᠯᠳᠤᠭᠠᠨ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭ᠎ᠠ ᠶᠢ ᠰᠠᠶᠢᠲᠤᠷ ᠡᠷᠬᠢᠯᠡᠨ᠂ ᠨᠡᠩ | ᠣᠯᠠᠨ ᠮᠠᠯᠴᠢᠨ ᠲᠠᠷᠢᠶᠠᠴᠢᠳ ᠲᠤ ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠠᠰᠢᠭ ᠢ ᠬᠠᠮᠲᠤᠪᠠᠷ ᠡᠳ᠋ᠯᠡᠭᠦᠯᠦᠨ᠎ᠡ᠃ ᠪᠥᠬᠦ ᠵᠢᠯ ᠤᠨ ᠵᠤᠭᠠᠴᠠᠭᠰᠠᠳ ᠢ ᠭᠥᠯᠢᠶᠡᠨ | ᠠᠪᠬᠤ ᠬᠡᠮᠵᠢᠶ᠎ᠡ ᠪᠠ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ ᠲᠣᠰ ᠲᠣᠰ 10% ᠪᠠ 8% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠬᠡᠷᠡᠭᠯᠡᠭᠡ ᠶᠢ ᠦᠷᠭᠡᠳᠭᠡᠬᠦ ᠲᠥᠷᠥ ᠶᠢᠨ | ᠪᠣᠳᠣᠯᠭ᠎ᠠ ᠨᠤᠭᠤᠳ ᠢ ᠲᠣᠭᠲᠠᠭᠠᠨ ᠨᠡᠶᠢᠲᠡᠯᠡᠵᠦ᠂ ᠬᠡᠷ ᠤᠨ ᠡᠳ᠋ᠯᠡᠯ ᠬᠡᠷᠡᠭᠰᠡᠯ ᠬᠡᠷ ᠤᠨ ᠴᠠᠬᠢᠯᠭᠠᠨ ᠬᠡᠷᠡᠭᠰᠡᠯ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠬᠤᠨᠤᠭ | ᠬᠤᠭᠤᠯᠠ ᠤᠮᠳᠠ᠂ ᠬᠡᠷ ᠤᠨ ᠶᠠᠪᠤᠳᠠᠯ ᠤᠨ ᠦᠢᠯᠡᠴᠢᠯᠡᠭᠡ᠂ ᠰᠤᠶᠤᠯ ᠴᠡᠩᠭᠡᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠣᠯᠠᠨ ᠲᠠᠰ | ᠳᠠᠪᠬᠤᠷᠭ᠎ᠠ ᠶᠢᠨ᠂ ᠣᠯᠠᠨ ᠶᠠᠩᠵᠤ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠠᠮᠠᠷᠠᠯᠲᠠ ᠶᠢᠨ ᠡᠳᠦᠷ ᠤᠨ ᠠᠵᠤ ᠠᠬᠤᠶ᠂ ᠵᠢᠵᠢᠭ | ᠳᠡᠯᠭᠡᠭᠦᠷ ᠤᠨ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠲᠣᠭᠠᠴᠢᠯᠠᠭᠰᠠᠨ ᠬᠡᠷᠡᠭᠯᠡᠭᠡ᠂ ᠪᠣᠬᠢᠷᠲᠤᠯ ᠥᠬᠡᠶ ᠬᠡᠷᠡᠭᠯᠡᠭᠡ᠂ ᠡᠷᠡᠭᠦᠯ ᠮᠡᠨᠳᠦ ᠬᠡᠷᠡᠭᠯᠡᠭᠡ ᠵᠡᠷᠭᠡ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠤᠶᠢᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ | ᠦᠢᠯᠡᠳᠭᠦᠨ ᠢ ᠬᠥᠳᠡᠭᠡ ᠪᠠᠭᠤᠯᠭᠠᠬᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ︽ᠡᠴᠦᠰ ᠤᠨ ᠨᠢᠭᠡ ᠺᠢᠯᠣᠮᠧᠲᠷ︾ | ᠢ ᠨᠡᠪᠲᠡᠷᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ 8 ᠠᠴᠠ ᠳᠡᠭᠡᠭᠰᠢ ᠰᠢᠨ᠎ᠡ ᠪᠠᠷ ᠪᠣᠶᠢᠵᠢᠭᠤᠯᠵᠤ᠂ ᠰᠢᠨ᠎ᠡ | ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠰᠥᠨᠢ ᠶᠢᠨ ᠬᠡᠷᠡᠭᠯᠡᠭᠡᠨ ᠤ ᠴᠤᠭᠯᠠᠷᠠᠯ ᠤᠨ | ᠣᠷᠣᠨ ᠢ ᠪᠣᠶ ᠪᠣᠯᠭᠠᠵᠤ᠂ ᠬᠤᠲᠠ ᠶᠢᠨ ᠰᠥᠨᠢ ᠶᠢᠨ ᠠᠮᠢᠳᠤᠷᠠᠯ ᠤᠨ ᠬᠥᠷ ᠬᠥᠭᠵᠢᠶᠡᠨ ᠢ ᠨᠡᠮᠡᠭᠳᠡᠭᠦᠯᠦᠨ᠎ᠡ᠃ | ︵ᠲᠠᠪᠤ︶ ᠠᠮᠢ ᠠᠬᠤᠢ ᠶᠢᠨ ᠬᠠᠮᠠᠭᠠᠯᠠᠯᠲᠠ ᠳᠤ ᠬᠦᠴᠦ ᠪᠠᠨ ᠲᠥᠪᠯᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠬᠠᠮᠵᠢᠯᠴᠠᠨ ᠠᠬᠢᠭᠤᠯᠵᠤ᠂ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ | ᠪᠠᠶᠢᠭᠤᠯᠤᠨ᠎ᠠ᠃ | ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠤᠨ | ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠵᠠᠰᠠᠬᠤ ᠪᠠ ᠢ ᠲᠠᠢ ᠬᠢᠮᠢ ᠶᠢᠨ ᠠᠵᠤ ᠦᠢᠯᠡᠳᠪᠦᠷᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ | ᠥᠭᠡᠷᠡᠴᠢᠯᠡᠯᠲᠡ ᠶᠢ ᠲᠦᠷᠭᠡᠳᠬᠡᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠭᠦᠷᠡᠰᠦ ᠪᠠᠷ ᠳᠤᠯᠠᠭᠠᠯᠠᠭ᠎ᠠ ᠬᠠᠩᠭᠠᠬᠤ ᠶᠢ ᠴᠡᠭᠴᠡᠯᠡᠨ ᠵᠠᠰᠠᠬᠤ ᠶᠢ | ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠳᠤ ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠶᠢ ᠬᠡᠷᠡᠭᠵᠢᠭᠦᠯᠵᠦ᠂ ᠳᠤᠭᠤᠶᠢᠲᠠᠯᠠ ᠪᠠᠯᠭᠠᠰᠣ ᠶᠢᠨ ᠤᠯᠠᠷᠢᠯ | ᠠᠯᠤᠰᠯᠠᠨ ᠢᠯᠴᠢ ᠬᠠᠳᠠᠭᠠᠯᠠᠬᠤ ᠪᠠ ᠨᠡᠭᠦᠷᠡᠰᠦᠲᠥ᠋ᠷᠥᠭᠴᠢ ᠥᠬᠡᠶ ᠨᠡᠶᠢᠭᠡᠮ ᠲᠣᠭᠤᠷᠢᠭ ᠢ ᠰᠢᠨ᠎ᠡ ᠪᠠᠷ ᠡᠭᠦᠳᠦᠨ ᠪᠠᠶᠢᠭᠤᠯᠵᠤ᠂ ᠠᠭᠠᠷ ᠮᠠᠨᠳᠠᠯ ᠤᠨ ᠴᠡᠪᠡᠷᠴᠡ ᠶᠢᠨ | ᠨᠣᠷᠮ᠎ᠠ ᠶᠢ 90% ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠨᠢᠭᠡ ᠭᠤᠤᠯ ᠮᠥᠷᠡᠨ ᠳᠤ ᠨᠢᠭᠡ ᠠᠷᠭ᠎ᠠ ᠪᠣᠳᠣᠯᠭ᠎ᠠ ᠬᠡᠷᠡᠭᠯᠡᠨ︾ ᠴᠡᠭᠴᠡᠯᠡᠨ ᠬᠠᠮᠠᠭᠠᠯᠠᠬᠤ ᠶᠢ ᠭᠦᠨᠵᠡᠭᠡᠶ ᠠᠬᠢᠭᠤᠯᠵᠤ᠂ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ︽ᠵᠠᠭᠠᠭ ᠲᠣᠭᠲᠠᠭᠠᠬᠤ᠂ ᠳᠦᠷᠢᠮ ᠪᠠᠶᠢᠭᠤᠯᠬᠤ᠂ ᠴᠡᠭᠴᠡᠯᠡᠨ ᠵᠠᠰᠠᠬᠤ︾ ᠦᠷ᠎ᠡ ᠪᠦᠲᠦᠭᠡᠯ ᠢ ᠪᠠᠬᠢᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠬᠤᠷᠢᠶᠠᠨ ᠴᠤᠭᠯᠠᠭᠤᠯᠵᠤ ᠴᠡᠭᠴᠡᠯᠡᠬᠦ ᠪᠠ ᠰᠤᠮᠤ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠥᠷᠲᠡᠭᠡ ᠶᠢᠨ | ᠡᠷᠭᠢᠯᠲᠡ ᠬᠠᠮᠢᠶᠠᠷᠤᠯᠲᠠ ᠶᠢ ᠴᠢᠩᠭᠠᠳᠬᠠᠨ᠂ ᠰᠢᠨᠡᠪᠠᠯᠭᠠᠰᠣ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠦᠯᠡᠳᠡᠭᠳᠡᠯ ᠤᠰᠤ ᠶᠢ ᠴᠡᠪᠡᠷᠰᠢᠭᠦᠯᠬᠦ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠣᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠰᠢᠯᠢᠳᠡᠭ | ᠨᠣᠷᠮ᠎ᠠ ᠶᠢ 100% ᠳᠤ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠥᠷᠥᠰᠥ ᠰᠢᠷᠣᠶ ᠶᠢᠨ | ᠪᠣᠬᠢᠷᠲᠤᠯ ᠤᠨ ᠪᠠᠶᠢᠳᠠᠯ ᠢ ᠨᠠᠷᠢᠨ ᠪᠠᠶᠢᠴᠠᠭᠠᠬᠤ ᠠᠵᠢᠯ ᠢ ᠥᠷᠨᠢᠭᠦᠯᠦᠨ᠂ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠪᠠ ᠰᠡᠷᠭᠦᠭᠡᠨ ᠵᠠᠰᠠᠬᠤ ᠶᠢ ᠬᠡᠷᠡᠭᠵᠢᠭᠦᠯᠵᠦ᠂ | ᠦᠯᠡᠳᠡᠭᠳᠡᠯ ᠪᠥᠷᠬᠦᠪᠴᠢ ᠶᠢ ᠬᠤᠷᠢᠶᠠᠨ ᠠᠪᠴᠤ ᠠᠰᠢᠭᠯᠠᠬᠤ ᠶᠢ ᠴᠢᠩᠭᠠᠳᠬᠠᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ | ᠪᠠᠲᠤᠯᠠᠨ᠎ᠠ᠃ ︽ᠬᠠᠶᠠᠭᠳᠠᠮᠠᠯ ᠪᠣᠳᠠᠰ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠦᠷᠨᠢᠭᠦᠯᠦᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ ᠳᠡᠭᠡᠭᠰᠢᠯᠡᠭᠦᠯᠵᠦ᠂ ᠰᠢᠨᠡᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠤᠷ ᠢ ᠪᠢᠲᠡᠭᠦᠮᠵᠢᠯᠡᠵᠦ᠂ ᠠᠮᠢ ᠠᠬᠤᠶ ᠶᠢ ᠰᠡᠷᠭᠦᠭᠡᠬᠦ ᠶᠢ | ᠪᠡᠶᠡᠯᠡᠭᠦᠯᠦᠨ᠎ᠡ᠃ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠪᠠᠷ ᠭᠠᠷᠳᠠᠴᠠ ᠪᠣᠯᠭᠠᠨ᠂ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠨᠤᠲᠤᠭ | ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠣᠶ ᠰᠢᠭᠤᠶ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ | ᠬᠡᠷᠡᠭᠵᠢᠭᠦᠯᠦᠨ᠂ ᠬᠠᠲᠤᠨ ᠭᠤᠣᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠮᠠᠭᠤᠪᠣᠯᠠᠭ ᠬᠦᠨᠳᠡᠢ ᠶᠢᠨ ᠬᠥᠷᠥᠰᠥ | ᠰᠢᠷᠣᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠳᠠᠭᠤᠰᠬᠠᠨ᠂ ᠬᠥᠪᠴᠢ ᠶᠢᠨ ᠡᠯᠡᠰᠦ ᠶᠢᠨ ᠬᠤᠶᠢᠲᠤ ᠵᠠᠬ᠎ᠠ ᠶᠢᠨ ᠡᠯᠡᠰᠦ ᠶᠢ ᠰᠡᠷᠭᠡᠶᠢᠯᠡᠨ | ᠭᠤᠣᠯ ᠢ ᠬᠠᠮᠠᠭᠠᠯᠠᠬᠤ ᠣᠶ ᠰᠢᠭᠤᠶ ᠨᠤᠲᠤᠭ ᠪᠡᠯᠴᠢᠭᠡᠷ ᠤᠨ ᠪᠦᠰᠡ᠂ ᠥᠷᠥᠴᠡ ᠭᠠᠵᠠᠷ ᠤᠨ ᠰᠠᠯᠬᠢ ᠡᠯᠡᠰᠦ ᠶᠢ ᠬᠤᠷᠢᠭᠯᠠᠬᠤ ᠪᠦᠰᠡ᠂ ᠵᠡᠭᠦᠨ ᠡᠮᠦᠨᠡᠲᠦ | ᠬᠡᠰᠡᠭ ᠤᠨ ᠡᠯᠡᠰᠦ ᠶᠢ ᠬᠤᠷᠢᠭᠯᠠᠬᠤ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠢ ᠶᠡᠬᠡᠪᠡᠷ ᠠᠬᠢᠭᠤᠯᠵᠤ᠂ ᠬᠥᠪᠴᠢ ᠶᠢᠨ ᠣᠷᠣᠨ ᠪᠦᠰᠡ ᠶᠢᠨ | ᠵᠠᠰᠠᠯᠲᠠ ᠶᠢ ᠳᠥᠯᠭᠢᠨ ᠠᠬᠢᠭᠤᠯᠵᠤ᠂ ᠵᠢᠯ ᠤᠨ ᠳᠣᠲᠣᠷ᠎ᠠ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ 100 ᠲᠦᠮᠡᠨ | ᠮᠥ ᠠᠴᠠ ᠳᠡᠭᠡᠭᠰᠢ ᠪᠡᠶᠡᠯᠡᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠲᠠᠯᠠᠪᠠᠶ ᠶᠢ 40 ᠲᠦᠮᠡᠨ ᠮᠥ ᠠᠴᠠ ᠳᠡᠭᠡᠭᠰᠢ ᠨᠡᠮᠡᠭᠳᠡᠭᠦᠯᠦᠨ᠎ᠡ᠃ ᠣᠶ ᠰᠢᠭᠤᠶ | ᠨᠣᠲᠤᠭ ᠪᠡᠯᠴᠢᠭᠡᠷ ᠤᠨ ᠮᠡᠷᠭᠡᠵᠢᠯ᠂ ᠵᠠᠰᠠᠯᠲᠠ ᠶᠢᠨ ᠵᠠᠭᠪᠤᠷ᠂ ᠲᠥᠷᠥᠯ ᠵᠦᠢᠯ ᠢ ᠠᠬᠢᠭᠤᠯᠬᠤ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠳᠬᠠᠨ᠂ | ᠪᠥᠬᠦ ᠲᠠᠯ᠎ᠠ ᠶᠢᠨ ᠳᠠᠶᠢᠴᠢᠯᠠᠯᠲᠠ ᠪᠠ ᠪᠥᠬᠦ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾᠂ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠲᠤᠷᠰᠢᠨ ᠠᠬᠢᠭᠤᠯᠵᠤ᠂ ᠡᠯᠡᠰᠦ ᠶᠢ ᠵᠠᠰᠠᠬᠤ ᠪᠠ ᠪᠠᠶᠠᠵᠢᠭᠤᠯᠬᠤ᠂ | ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠠ ᠣᠷᠣᠯᠭ᠎ᠠ ᠶᠢ ᠨᠡᠮᠡᠭᠳᠡᠭᠦᠯᠵᠦ ︽ᠬᠤᠣᠰ ᠠᠰᠢᠭ ᠭᠥᠷᠳᠡᠬᠦ︾ ᠶᠢ ᠴᠢᠷᠮᠠᠶᠢᠨ ᠪᠡᠶᠡᠯᠡᠭᠦᠯᠦᠨ᠎ᠡ᠃ ᠡᠮ ᠤᠨ ᠮᠠᠲ᠋ᠧᠷᠢᠶᠠᠯ ᠢ | ᠰᠢᠨᠵᠢᠯᠡᠬᠦ ᠤᠬᠠᠭᠠᠨᠴᠢ ᠪᠠᠷ ᠲᠠᠷᠢᠵᠤ ᠬᠤᠷᠢᠶᠠᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠰᠢᠬᠢᠷ ᠡᠪᠡᠰᠦ ᠵᠡᠷᠭᠡ ᠡᠯᠡᠰᠦᠨ ᠳᠤ ᠤᠷᠭᠤᠬᠤ ᠬᠢᠲᠠᠳ | ᠡᠮ ᠤᠨ ᠮᠠᠲ᠋ᠧᠷᠢᠶᠠᠯ ᠢ ᠬᠡᠪᠴᠢᠶᠡᠵᠢᠭᠦᠯᠦᠨ ᠲᠠᠷᠢᠵᠤ᠂ ᠪᠦᠬᠦ ᠠᠵᠤ ᠦᠢᠯᠡᠰ ᠤᠨ ᠭᠡᠯᠬᠢᠶ᠎ᠡ ᠶᠢ ᠬᠥᠭᠵᠢᠭᠦᠯᠬᠦ ᠶᠢ ᠳᠡᠮᠵᠢᠨ᠎ᠡ᠃ ᠲᠡᠤᠬᠡᠨ ᠠᠴᠠ ᠦᠯᠡᠳᠡᠭᠳᠡᠵᠦ | ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ᠂ ᠭᠠᠵᠠᠷ | ᠰᠢᠷᠣᠶ ᠶᠢᠨ ᠬᠠᠤᠯᠢ ᠠᠴᠠ ᠵᠥᠷᠢᠴᠡᠭᠰᠡᠨ ᠵᠢᠷᠤᠭ ᠳᠣᠯᠪᠤ ᠶᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠨ ᠤᠰᠤ | ᠲᠠᠲᠠᠵᠤ ᠬᠡᠷᠡᠭᠯᠡᠬᠦ ᠪᠠ ᠭᠤᠣᠯ ᠤᠨ ᠵᠠᠮ ᠠᠴᠠ ᠬᠠᠤᠯᠢ ᠪᠤᠰᠤ ᠪᠠᠷ ᠡᠯᠡᠰᠦ ᠮᠠᠯᠲᠠᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠤᠳᠤ ᠦᠶ᠎ᠡ ᠶᠢᠨ | ᠤᠰᠤᠨ ᠠᠰᠢᠭᠯᠠᠯᠲᠠ ᠶᠢᠨ ᠲᠣᠣᠷ ᠤᠨ ᠢᠨᠵᠧᠨᠧᠷᠢᠩ ᠢ ᠬᠡᠷᠡᠭᠵᠢᠭᠦᠯᠵᠦ᠂ ᠣᠷᠣᠨ ᠪᠦᠰᠡ ᠶᠢᠨ ᠤᠰᠤᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ ᠶᠢ ᠲᠦᠯᠬᠢᠨ | ᠠᠬᠢᠭᠤᠯᠵᠤ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠬᠠᠩᠬᠢᠨ ᠬᠤᠰᠢᠭᠤᠨ ᠤ | ᠪᠣᠳᠠᠲᠤ ᠪᠠᠶᠢᠳᠠᠯ ᠳᠤ ᠨᠡᠶᠢᠴᠡᠭᠰᠡᠨ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠨ ᠠᠪᠬᠤ ᠠᠵᠢᠯ ᠤᠨ ᠲᠥᠰᠦᠯ ᠢ ᠲᠦᠷᠭᠡᠪᠴᠢᠯᠡᠨ ᠲᠣᠭᠲᠠᠭᠠᠵᠤ᠂ ᠰᠢᠨ᠎ᠡ | ᠡᠨᠧᠷᠭᠢ ᠶᠢᠨ ᠰᠤᠷᠪᠤᠯᠵᠢ ᠶᠢ ᠰᠢᠩᠭᠡᠭᠡᠨ ᠠᠪᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠳᠪᠦᠷᠢ᠂ ᠵᠠᠮ | ᠬᠠᠷᠢᠯᠴᠠᠭ᠎ᠠ᠂ ᠪᠠᠷᠢᠯᠭ᠎ᠠ ᠵᠡᠷᠭᠡ ᠡᠯ᠎ᠡ ᠬᠦᠷᠢᠶᠡᠨ ᠳᠠᠬᠢ ᠬᠡᠷᠡᠭᠯᠡᠯᠲᠡ ᠶᠢ ᠴᠢᠩᠭᠠᠳᠬᠠᠨ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠳᠤᠮᠳᠠᠬᠢ | ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠᠲᠤ ᠡᠵᠡᠮᠳᠡᠨ᠂ ᠠᠵᠤ | ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠦᠴᠦᠲᠡᠶ ᠠᠬᠢᠭᠤᠯᠤᠨ᠎ᠠ᠃ ᠤᠰᠤ ᠠᠷᠪᠢᠯᠠᠵᠤ ᠤᠰᠤ ᠬᠢᠵᠠᠭᠠᠷᠯᠠᠬᠤ ᠠᠵᠢᠯᠯᠠᠭ᠎ᠠ ᠶᠢ | ᠶᠡᠬᠡᠪᠡᠷ ᠬᠡᠷᠡᠭᠵᠢᠭᠦᠯᠦᠨ᠂ ᠬᠠᠲᠤᠨ ᠭᠤᠣᠯ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠢᠭᠡᠴᠢ GDP ᠶᠢᠨ ᠤᠰᠤ ᠬᠡᠷᠡᠭᠯᠡᠬᠦ ᠬᠡᠮᠵᠢᠶ᠎ᠡ ᠶᠢ 2% ᠠᠴᠠ ᠳᠡᠭᠡᠭᠰᠢ ᠪᠠᠭᠤᠷᠠᠭᠤᠯᠣᠨ᠎ᠠ᠃ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠤᠯᠠᠨ ᠨᠡᠶᠢᠲᠡ ᠶᠢᠨ ᠬᠦᠷᠢᠶᠡᠨ ᠤ | ᠡᠨᠧᠷᠭᠢ ᠶᠢᠨ ᠰᠤᠷᠪᠤᠯᠵᠢ ᠶᠢᠨ ᠭᠡᠷᠡᠲᠦ ᠬᠠᠮᠢᠶᠠᠷᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠦᠭᠡᠢ ᠨᠡᠶᠢᠭᠡᠮ ᠲᠣᠭᠤᠷᠢᠭ᠂ | ᠨᠡᠭᠦᠷᠡᠰᠦᠲᠥ᠋ᠷᠥᠭᠴᠢ ᠦᠭᠡᠢ ᠪᠠᠷᠢᠯᠭ᠎ᠠ ᠶᠢ ᠬᠦᠴᠦᠯᠡᠨ ᠪᠠᠶᠢᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠨᠡᠶᠢᠭᠡᠮ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ | ︵ᠵᠢᠷᠭᠤᠭ᠎ᠠ︶ ᠬᠤᠲᠠ ᠬᠥᠳᠡᠭᠡ ᠶᠢᠨ ᠠᠭᠤᠰᠤᠯᠴᠠᠯ ᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠴᠣᠭᠴᠠᠯᠠᠬᠤ ᠳᠤ | ᠲᠣᠬᠢᠷᠠᠮᠵᠢᠲᠠᠶ ᠰᠢᠨ᠎ᠡ ᠳᠦᠷᠢ ᠲᠥᠷᠬᠦ ᠶᠢ ᠢᠯᠡᠷᠡᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠴᠢᠩᠭ᠎ᠠ | ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠨ᠂ ᠲᠤᠲᠠᠭᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠦᠨ᠂ | ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠴᠢᠨᠠᠷ ᠰᠠᠶᠢᠲᠠᠶ ᠬᠡᠷᠡᠭᠵᠢᠭᠦᠯᠵᠦ᠂ ᠨᠠᠩ ᠥᠨᠳᠥᠷ ᠥᠩᠭᠡ ᠪᠣᠳᠤᠭ ᠲᠠᠢ᠂ ᠨᠠᠩ ᠲᠠᠭᠠᠯᠠᠮᠵᠢᠲᠠᠶ ᠵᠣᠯ ᠵᠢᠷᠭᠠᠯᠲᠤ | ᠣᠷᠣᠰᠢᠨ ᠰᠠᠭᠤᠬᠤ ᠳᠤ ᠲᠣᠬᠢᠷᠠᠮᠵᠢᠲᠠᠶ ᠪᠠᠯᠭᠠᠰᠤ ᠶᠢ ᠴᠣᠭᠴᠠᠯᠠᠨ ᠪᠠᠶᠢᠭᠤᠯᠤᠨ᠎ᠠ᠃ | ᠬᠤᠲᠠ ᠬᠥᠳᠡᠭᠡ ᠶᠢᠨ ᠰᠠᠭᠤᠷᠢ ᠳᠥᠬᠦᠭᠡᠷᠦᠮᠵᠢ ᠶᠢᠨ ᠲᠤᠲᠠᠭᠳᠠᠯ ᠢ ᠨᠥᠬᠦᠪᠥᠷᠢᠯᠡᠨ᠎ᠡ᠃ ︽ᠤᠶᠤᠨᠲᠤ ᠬᠤᠲᠠ︾ ᠶᠢᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ᠤᠨ ᠰᠠᠭᠤᠷᠢ ᠲᠠᠪᠴᠠᠩ ᠢ ᠲᠡᠭᠦᠯᠳᠡᠷᠵᠢᠭᠦᠯᠦᠨ᠂ ︽ᠳ᠋ᠦᠸᠧ ᠳ᠋ᠦᠸᠧ ᠫᠢᠩ︾ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠥᠷᠨᠢᠭᠦᠯᠵᠦ᠂ ᠰᠠᠭᠤᠭᠠᠯᠢ ᠠᠷᠠᠳ ᠲᠤ ᠲᠥᠬᠦᠮ᠂ ᠲᠦᠷᠭᠡᠨ᠂ ᠪᠦᠷᠢᠨ ᠦᠢᠯᠡᠴᠢᠯᠡᠭᠡ ᠶᠢ ᠪᠡᠶᠡᠴᠢᠯᠡᠨ | ᠡᠳ᠋ᠯᠡᠭᠦᠯᠦᠨ᠎ᠡ᠃ ᠪᠥᠬᠦ ᠬᠤᠰᠢᠭᠤᠨ ᠤ ᠵᠠᠮ ᠬᠠᠷᠢᠯᠴᠠᠭᠠᠨ ᠤ ᠵᠠᠮ ᠤᠨ ᠲᠣᠣᠷ ᠤᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 4 | ᠭᠤᠣᠯᠳᠠᠯᠭ᠎ᠠ ᠲᠠᠢ ᠬᠥᠳᠡᠭᠡ ᠲᠣᠰᠬᠤᠨ ᠤ ᠵᠠᠰᠠᠮᠠᠯ ᠵᠠᠮ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠨ᠂ ᠰᠢᠨᠡᠪᠠᠯᠭᠠᠰᠤᠨ ᠠᠴᠠ ᠷᠦᠩ ᠡᠦ | ᠬᠤᠷᠳᠣᠨ ᠤ ᠵᠠᠮ ᠬᠦᠷᠬᠦ ᠬᠡᠰᠡᠭ ᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠰᠢᠨᠡᠪᠠᠯᠭᠠᠰᠤ ᠠᠴᠠ ᠳ᠋ᠧᠩᠺᠸᠤ ᠬᠦᠷᠬᠦ ᠵᠠᠰᠠᠮᠠᠯ ᠵᠠᠮ ᠢ ᠲᠠᠰ ᠳᠡᠪᠰᠢᠭᠦᠯᠦᠨ | ᠥᠭᠡᠷᠡᠴᠢᠯᠡᠬᠦ᠂ S215 ᠱᠤᠭᠤᠮ ᠤᠨ ᠰᠢᠨᠡᠪᠠᠯᠭᠠᠰᠤ ᠠᠴᠠ ᠦᠦᠰᠢᠨᠵᠤᠤ ᠬᠥᠷᠬᠦ ᠬᠡᠰᠡᠭ ᠤᠨ ᠵᠠᠰᠠᠮᠠᠯ ᠵᠠᠮ ᠪᠠ ᠬᠠᠩᠭᠢᠨ ᠬᠤᠰᠢᠭᠤᠨ ᠤ ᠨᠡᠶᠢᠳᠡᠮ ᠬᠡᠷᠡᠭᠯᠡᠬᠦ | ᠨᠢᠰᠬᠡᠯ ᠤᠨ ᠪᠠᠭᠤᠳᠠᠯ ᠢ ᠡᠬᠢᠯᠡᠨ ᠪᠠᠶᠢᠭᠤᠯᠵᠤ᠂ ᠯᠢᠨ ᠾᠧ — ᠰᠢᠨᠡᠪᠠᠯᠭᠠᠰᠤ — ᠬᠤᠯᠪᠣᠭᠠᠯᠵᠢ ᠬᠥᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠤᠨ᠂ ᠲᠥᠷᠥᠯ ᠵᠦᠢᠯ ᠢ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠪᠣᠶᠢᠳᠠ ᠪᠥᠭᠯᠡᠭᠦᠦ ᠭᠠᠵᠠᠷ ᠣᠷᠣᠨ ᠳᠤ ᠴᠠᠬᠢᠯᠭᠠᠨ ᠬᠠᠩᠭᠠᠬᠤ ᠶᠠᠰᠤ ᠴᠢᠨᠠᠷ ᠤᠨ ᠪᠠᠲᠤᠯᠠᠭ᠎ᠠ ᠶᠢ ᠴᠢᠷᠮᠠᠶᠢᠨ ᠳᠡᠭᠡᠭᠰᠢᠯᠡᠭᠦᠯᠵᠦ᠂ 378 ᠺᠢᠯᠣᠮᠧᠲᠷ ᠬᠥᠳᠡᠭᠡ | ᠲᠣᠰᠬᠤᠨ ᠤ ᠴᠠᠬᠢᠯᠭᠠᠨ ᠲᠣᠣᠷ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ ᠦᠭᠡᠷᠡᠴᠢᠯᠡᠨ᠎ᠡ᠃ | ᠬᠤᠲᠠ ᠶᠢᠨ ᠴᠢᠳᠠᠮᠵᠢ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ︽ᠳᠥᠷᠪᠡ ᠶᠢ ᠪᠠᠲᠤᠯᠠᠬᠤ︾ ᠠᠵᠢᠯᠯᠠᠭ᠎ᠠ ᠶᠢ ᠲᠣᠪᠤᠶᠢᠮ᠎ᠠ ᠰᠠᠶᠢᠲᠤᠷ ᠠᠳᠬᠤᠨ᠂ | ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠵᠦ᠂ ᠵᠢᠯ ᠤᠨ ᠳᠣᠲᠣᠷ᠎ᠠ ᠪᠥᠬᠦᠨ ᠢ ᠳᠠᠭᠤᠰᠬᠠᠨ᠂ ᠪᠥᠬᠦ ᠬᠤᠰᠢᠭᠤᠨ ᠤ ᠳᠤᠯᠠᠭᠠᠯᠠᠭ᠎ᠠ᠂ ᠤᠰᠤ᠂ ᠴᠠᠬᠢᠯᠭᠠᠨ᠂ ᠬᠡᠶ | ᠬᠠᠩᠭᠠᠬᠤ ᠶᠢ ᠪᠠᠲᠤᠯᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨᠡᠪᠡᠯᠭᠠᠰᠣ ᠶᠢᠨ ᠲᠣᠭᠤᠷᠢᠭ ᠵᠢᠴᠢ ᠪᠤᠰᠤᠳ ᠰᠤᠮᠤ ᠪᠠᠯᠭᠠᠰᠤ ᠶᠢᠨ ᠵᠠᠰᠠᠭ ᠤᠨ | ᠣᠷᠳᠣᠨ ᠤ ᠪᠠᠶᠢᠭ᠎ᠠ ᠭᠠᠵᠠᠷ ᠤᠨ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠢᠨᠵᠧᠨᠧᠷᠢᠩ ᠢ ᠡᠮᠬᠢ ᠵᠢᠷᠤᠮ ᠲᠠᠢ ᠬᠡᠷᠡᠭᠵᠢᠭᠦᠯᠵᠦ᠂ | ᠳᠤᠭᠤᠶᠢᠲᠠᠯᠠ ᠶᠢᠨ ᠨᠡᠭᠦᠳᠡᠯ ᠠᠷᠠᠳ ᠤᠨ ᠰᠠᠭᠤᠭᠠᠯᠢ ᠲᠣᠭᠤᠷᠢᠭ ᠢ ᠰᠢᠨᠡᠳᠬᠡᠨ ᠵᠠᠰᠠᠬᠤ ᠶᠢ ᠲᠦᠷᠭᠡᠳᠬᠡᠨ ᠪᠡᠶᠡᠯᠡᠭᠦᠯᠦᠨ᠎ᠡ᠃ ᠬᠤᠲᠠ ᠶᠢᠨ ᠰᠢᠨᠡᠴᠢᠯᠡᠯᠲᠡ ᠶᠢ | ᠦᠷᠭᠦᠯᠵᠢᠯᠡᠨ ᠥᠷᠨᠢᠭᠦᠯᠵᠦ᠂ ᠰᠢᠨᠡᠪᠠᠯᠭᠠᠰᠤᠨ ᠤ ᠲᠣᠭᠤᠷᠢᠭ ᠤᠨ ᠡᠮᠦᠨ᠎ᠡ ᠬᠡᠰᠡᠭ ᠤᠨ ᠭᠡᠷ ᠪᠠᠶᠢᠰᠢᠩ ᠢ ᠬᠤᠰᠢᠭᠤᠴᠢ ᠵᠢᠱᠢᠶ᠎ᠡ ᠦᠵᠡᠭᠦᠯᠬᠦ ᠲᠣᠭᠤᠷᠢᠭ ᠪᠣᠯᠭᠠᠨ | ᠥᠭᠡᠷᠡᠴᠢᠯᠡᠵᠦ᠂ ᠣᠯᠠᠨ ᠲᠦᠮᠡᠨ ᠤ ᠬᠦᠷᠲᠡᠭᠡᠮᠵᠢ ᠶᠢᠨ ᠲᠦᠷᠦᠭᠳᠡᠯ ᠢ ᠨᠡᠮᠡᠭᠳᠡᠭᠦᠯᠦᠨ ᠬᠤᠲᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ 17 | ᠬᠠᠭᠤᠴᠢᠨ ᠰᠠᠭᠤᠭᠠᠯᠢ ᠲᠣᠭᠤᠷᠢᠭ ᠢ ᠰᠢᠨᠡᠳᠬᠡᠨ ᠵᠠᠰᠠᠵᠤ᠂ ᠣᠳᠣ ᠪᠠᠶᠢᠭ᠎ᠠ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠲᠤ 20 ᠢᠵᠢ ᠴᠠᠬᠢᠯᠭᠠᠨ ᠱᠠᠳᠤ | ᠤᠭᠰᠠᠷᠠᠵᠤ᠂ ᠰᠠᠭᠤᠭᠠᠯᠢ ᠲᠣᠭᠤᠷᠢᠭ ᠤᠨ ᠲᠡᠤᠬᠡᠨ ᠦᠯᠡᠳᠡᠭᠳᠡᠯ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠬᠦ ᠶᠢ ᠠᠬᠢᠭᠤᠯᠣᠨ᠎ᠠ᠃ ᠵᠡᠭᠡᠯᠢ ᠭᠤᠳᠤᠮᠵᠢ ᠶᠢᠨ | ᠥᠭᠡᠷᠡᠴᠢᠯᠡᠯᠲᠡ ᠶᠢ ᠲᠦᠷᠭᠡᠳᠬᠡᠵᠦ᠂ 82 ᠺᠢᠯᠣᠮᠧᠲᠷ ᠪᠠᠯᠭᠠᠰᠤᠨ ᠲᠣᠭᠤᠷᠢᠭ ᠤᠨ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠨ᠎ᠠ᠃ ᠨᠣᠭᠤᠭᠠᠷᠠᠭᠤᠯᠤᠯᠲᠠ | ᠴᠡᠴᠡᠷᠯᠢᠭᠵᠢᠭᠦᠯᠦᠯᠲᠡ ᠭᠡᠷᠡᠯᠲᠦᠭᠦᠯᠭᠡ ᠶᠢ ᠰᠠᠶᠢᠲᠤᠷ ᠬᠢᠵᠦ᠂ 3 ︽ᠰᠠᠭᠤᠭᠠᠯᠢ ᠠᠷᠠᠳ ᠲᠤ ᠳᠥᠭᠦᠮ ᠦᠢᠯᠡᠴᠢᠯᠡᠭᠡ ᠬᠠᠩᠭᠠᠬᠤ ᠴᠡᠴᠡᠷᠯᠢᠭ︾ ᠢ ᠰᠢᠨ᠎ᠡ ᠪᠠᠷ | ᠪᠠᠶᠢᠭᠤᠯᠵᠤ᠂ 70% ᠠᠴᠠ ᠳᠡᠭᠡᠭᠰᠢᠬᠢ ᠰᠠᠭᠤᠭᠠᠯᠢ ᠠᠷᠠᠳ ᠤᠨ ᠲᠣᠭᠤᠷᠢᠭ ᠲᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠶᠢ | ᠪᠠᠶᠢᠭᠤᠯᠤᠨ᠎ᠠ᠃ ᠬᠠᠩᠭᠢᠨ ᠴᠠᠬᠢᠯᠭᠠᠨ ᠤ ᠦᠢᠯᠡᠳᠪᠦᠷᠢ ᠶᠢᠨ ᠦᠯᠡᠳᠡᠪᠦᠷᠢ ᠢᠯᠴᠢ ᠪᠠᠷ ᠳᠤᠯᠠᠭᠠᠯᠭ᠎ᠠ ᠬᠠᠩᠭᠠᠬᠤ ᠪᠠ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠳᠤ ᠪᠠᠶᠢᠭᠠᠯᠢ ᠶᠢᠨ ᠰᠢᠲᠠᠮᠠᠬᠠᠶ ᠬᠡᠢ ᠨᠡᠪᠲᠡᠷᠡᠭᠦᠯᠬᠦ ᠢᠨᠵᠧᠨᠧᠷᠢᠩ ᠢ ᠪᠡᠶᠡᠯᠡᠭᠦᠯᠵᠦ᠂ ᠬᠤᠳᠠ ᠪᠠᠯᠭᠠᠰᠤᠨ ᠳᠤ ᠰᠢᠲᠠᠮᠠᠬᠠᠶ ᠬᠡᠢ ᠲᠥᠭᠡᠮᠡᠯᠵᠢᠭᠦᠯᠬᠦ ᠶᠢ ᠪᠥᠬᠦ | ᠲᠠᠯ᠎ᠠ ᠪᠠᠷ ᠠᠬᠢᠭᠤᠯᠤᠨ᠎ᠠ᠃ ᠬᠤᠲᠠ ᠶᠢᠨ ᠬᠤᠭᠤᠯᠠᠶ ᠲᠣᠣᠷ ᠢ ᠥᠭᠡᠷᠡᠴᠢᠯᠡᠬᠦ ᠠᠵᠢᠯᠯᠠᠭ᠎ᠠ ᠶᠢᠨ ᠠᠵᠠ ᠲᠣᠬᠢᠶᠠᠯ ᠢ ᠵᠠᠪᠳᠤᠨ᠂ ᠲᠥᠷᠥᠯ ᠵᠦᠢᠯ ᠤᠨ ᠪᠠᠯᠠ | ᠮᠥᠩᠭᠦ ᠶᠢ ᠢᠳᠡᠪᠬᠢᠯᠡᠨ ᠣᠯᠵᠤ᠂ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠬᠤᠭᠤᠯᠠᠶ ᠲᠣᠣᠷ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠪᠠᠷ | ᠴᠢᠷᠮᠠᠶᠢᠨ᠂ ᠠᠰᠢᠭ ᠬᠦᠷᠲᠡᠭᠡᠬᠦ ᠢᠨᠵᠧᠨᠧᠷᠢᠩ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ | ᠬᠤᠳᠠ ᠶᠢᠨ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠭᠦᠨᠵᠡᠭᠡᠶᠢᠷᠡᠭᠦᠯᠦᠨ᠂ ᠬᠤᠳᠠ ᠶᠢᠨ ᠬᠠᠮᠢᠶᠠᠷᠤᠯᠲᠠ ᠶᠢᠨ ︽ᠣᠶᠤᠨᠴᠢᠯᠠᠭᠰᠠᠨ ᠬᠠᠤᠯᠢ ᠬᠡᠷᠡᠭᠵᠢᠭᠦᠯᠦᠯᠲᠡ︾ ᠶᠢ ᠲᠦᠯᠬᠢᠨ ᠠᠬᠢᠭᠤᠯᠵᠤ᠂ ᠲᠣᠭᠠᠴᠢᠯᠠᠭᠰᠠᠨ | ᠬᠤᠳᠠ ᠶᠢᠨ ᠬᠠᠮᠢᠶᠠᠷᠤᠯᠲᠠ ᠶᠢ ᠡᠬᠢᠯᠡᠭᠦᠯᠦᠨ᠎ᠡ᠃ ᠪᠠᠯᠭᠠᠰᠤᠨ ᠲᠣᠭᠤᠷᠢᠭ ᠤᠨ ᠡᠯ᠎ᠡ ᠮᠠᠰᠢᠨ ᠲᠡᠷᠭᠡ ᠰᠡᠯᠪᠢᠨ ᠵᠠᠰᠠᠬᠤ᠂ ᠪᠣᠷᠣᠯᠠᠭᠤᠯᠬᠤ ᠳᠡᠯᠭᠡᠭᠦᠷ ᠢ | ᠨᠢᠭᠡᠳᠦᠯᠲᠡᠶ ᠬᠦᠷᠢᠶᠡᠯᠡᠩ ᠲᠣᠭᠤᠷᠢᠭ ᠲᠤ ᠤᠷᠤᠭᠤᠯᠤᠨ ᠡᠵᠡᠩᠨᠡᠬᠦ ᠶᠢ ᠡᠮᠬᠢ ᠵᠢᠷᠤᠮ ᠲᠠᠢ ᠠᠬᠢᠭᠤᠯᠤᠨ᠎ᠠ᠃ ᠠᠳᠠᠯ ᠠᠬᠤᠶ ᠶᠢᠨ ᠠᠵᠤ ᠠᠬᠤᠶᠢᠯᠠᠯ ᠤᠨ | ᠦᠢᠯᠡᠴᠢᠯᠡᠭᠡ ᠶᠢᠨ ᠬᠠᠮᠢᠶᠠᠷᠤᠯᠲᠠ ᠶᠢᠨ ᠰᠢᠯᠭᠠᠨ ᠬᠢᠨᠠᠬᠤ ᠪᠠᠷᠢᠮᠵᠢᠶ᠎ᠠ ᠶᠢ ᠨᠡᠶᠢᠲᠡᠯᠡᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ᠎ᠠ᠃ ᠠᠷᠪᠠᠨ ᠶᠡᠭᠡ ᠠᠬᠤᠶ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠤᠷᠢᠨ ᠳᠤ᠂ | ᠭᠤᠷᠪᠠᠨ ᠲᠥᠷᠦᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠨᠡᠶᠢᠲᠡᠯᠢᠭ ᠨᠡᠶᠢᠭᠡᠮ ᠲᠣᠭᠤᠷᠢᠭ ᠢ ᠪᠠᠶᠢᠭᠤᠯᠬᠤ ᠶᠢ ᠠᠬᠢᠭᠤᠯᠵᠤ᠂ ᠪᠠᠢ ᠯᠢᠩ | ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ ᠢ ᠡᠬᠢᠯᠡᠨ ᠪᠥᠲᠥᠭᠡᠨ ᠪᠠᠶᠢᠭᠤᠯᠤᠨ᠎ᠠ᠃ ᠥᠨᠳᠥᠷ ᠪᠠᠷᠢᠮᠵᠢᠶ᠎ᠠ ᠪᠥᠬᠦᠢ ︽15 | ᠮᠢᠨᠦ᠋ᠲ ᠤᠨ ᠠᠮᠢᠳᠤᠷᠠᠯ ᠤᠨ ᠲᠣᠭᠤᠷᠢᠭ︾ ᠢ 3 ᠪᠠᠶᠢᠭᠤᠯᠵᠤ᠂ ᠠᠷᠠᠳ ᠲᠤ ᠦᠢᠯᠡᠴᠢᠯᠡᠬᠦ᠂ ᠠᠷᠠᠳ ᠲᠤ ᠲᠥᠬᠦᠮ ᠦᠵᠡᠭᠦᠯᠬᠦ᠂ ᠠᠷᠠᠳ ᠢ ᠠᠮᠤᠷᠵᠢᠭᠤᠯᠬᠤ | ᠦᠢᠯᠡᠴᠢᠯᠡᠭᠡᠨ ᠤ ᠴᠢᠳᠠᠮᠵᠢ ᠶᠢ ᠦᠨᠡᠨ ᠬᠦ ᠴᠢᠩᠭᠠᠳᠬᠠᠨ᠂ ᠨᠢᠭᠡ ᠥᠷᠲᠡᠭᠡᠴᠢᠯᠡᠭᠰᠡᠨ ᠬᠡᠯᠪᠡᠷᠢ ᠪᠠᠷ ᠰᠠᠭᠤᠭᠠᠯᠢ ᠠᠷᠠᠳ ᠲᠤ ᠵᠣᠯ ᠵᠢᠷᠭᠠᠯᠲᠤ ᠲᠦᠷᠦᠭᠳᠡᠯ ᠢ | ᠣᠯᠭᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠳᠤ ᠬᠦᠴᠦ ᠪᠠᠨ ᠲᠥᠪᠯᠡᠷᠡᠭᠦᠯᠵᠦ᠂ ᠠᠷᠠᠳ ᠤᠨ ᠲᠥᠯᠥᠭᠡ ᠦᠢᠯᠡᠴᠢᠯᠡᠵᠦ ᠠᠷᠠᠳ ᠤᠨ ᠰᠡᠳᠬᠢᠯ ᠢ | ᠳᠤᠯᠠᠭᠠᠴᠠᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ︽ᠳᠥᠷᠪᠡ ᠶᠢ ᠣᠶᠢᠷ᠎ᠠ ᠬᠠᠪᠢ ᠳᠤ ᠨᠢ︾ ︽ᠳᠥᠷᠪᠡ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ᠂ | ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠶᠢ | ᠨᠡᠮᠡᠭᠳᠡᠭᠦᠯᠬᠦ ᠠᠴᠠ ᠪᠢᠰᠢ ᠪᠠᠭᠤᠷᠠᠭᠤᠯᠬᠤ ᠦᠭᠡᠢ᠂ ᠠᠷᠠᠳ ᠲᠤ ᠠᠰᠢᠭ ᠬᠦᠷᠲᠡᠭᠡᠬᠦ ᠡᠷᠴᠢᠮ ᠢᠶᠠᠨ ᠴᠢᠩᠭᠠᠷᠠᠭᠤᠯᠬᠤ ᠠᠴᠠ ᠪᠢᠰᠢ ᠪᠠᠭᠤᠷᠠᠭᠤᠯᠬᠤ ᠦᠭᠡᠢ᠂ | ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠡᠮᠡᠭᠳᠡᠭᠦᠯᠬᠦ ᠠᠴᠠ ᠪᠢᠰᠢ ᠴᠥᠭᠡᠳᠬᠡᠬᠦ ᠦᠬᠡᠢ ᠪᠠᠶᠢᠵᠤ᠂ ᠤᠯᠠᠨ ᠲᠦᠮᠡᠨ ᠢ ᠨᠡᠩ ᠢᠯᠡᠭᠦᠦ ᠬᠦᠷᠲᠡᠮᠵᠢ ᠶᠢᠨ | ᠲᠦᠷᠦᠭᠳᠡᠯ ᠲᠠᠢ ᠪᠣᠯᠭᠠᠨ᠎ᠠ᠃ | ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠤᠨ᠎ᠠ᠃ ᠭᠤᠣᠯᠳᠠᠯᠭ᠎ᠠ ᠲᠠᠢ ᠲᠥᠷᠦᠯ ᠵᠦᠢᠯ ᠪᠠ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠬᠡᠷᠡᠭᠴᠡᠭᠡ ᠶᠢᠨ ᠲᠣᠭᠤᠷᠢᠨ ᠳᠤ᠂ ᠶᠡᠭᠡ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ | ᠠᠵᠢᠯ ᠣᠯᠵᠤ ᠦᠢᠯᠡᠰ ᠪᠣᠰᠬᠠᠬᠤ ᠠᠷᠭ᠎ᠠ ᠵᠠᠮ ᠢ ᠥᠷᠭᠡᠳᠬᠡᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠥᠪᠬᠢᠨᠡᠭᠦᠯᠬᠦ ᠵᠢᠴᠢ ᠠᠵᠢᠯ | ᠤᠯᠬᠤ ᠳᠤ ᠬᠦᠴᠢᠷᠲᠡᠶ ᠬᠥᠮᠦᠰ ᠲᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠳᠠᠬᠢᠨ ᠠᠵᠢᠯ ᠣᠯᠭᠤᠨ᠎ᠠ᠃ | ᠵᠠᠯᠠᠭᠤᠴᠤᠳ ᠤᠨ ᠬᠥᠭᠵᠢᠯᠲᠡ ᠳᠤ ᠵᠣᠬᠢᠴᠠᠭᠰᠠᠨ ᠬᠤᠳᠠ ᠶᠢ ᠪᠦᠳᠦᠭᠡᠨ ᠪᠠᠶᠢᠭᠤᠯᠵᠤ᠂ ᠵᠠᠯᠠᠭᠤ ᠴᠢᠳᠠᠪᠤᠷᠢᠲᠠᠨ ᠤ ᠦᠷᠳᠡᠭᠡ ᠶᠢ ᠪᠠᠶᠢᠭᠤᠯᠤᠨ᠂ ᠨᠡᠭᠡᠭᠡᠯᠲᠡ ᠶᠢᠨ | ᠣᠷᠣᠨ ᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠣᠷᠣᠨ ᠰᠠᠭᠤᠴᠠ ᠶᠢᠨ ᠢᠨᠵᠧᠨᠧᠷᠢᠩ ᠢ ᠡᠬᠢᠯᠡᠭᠦᠯᠵᠦ᠂ ᠨᠡᠩ ᠤᠯᠠᠨ ᠠᠵᠤ ᠠᠬᠤᠶᠢᠯᠠᠯ ᠤᠨ ᠠᠵᠢᠯᠳᠠᠨ | ᠠᠵᠢᠯᠴᠢᠨ᠂ ᠵᠠᠯᠠᠭᠤ ᠴᠢᠳᠠᠪᠤᠷᠢᠲᠠᠨ ᠢ ᠬᠠᠩᠭᠢᠨ ᠬᠤᠰᠢᠭᠤᠨ ᠳᠤ ᠰᠠᠨᠠᠭ᠎ᠠ ᠠᠮᠤᠷ ᠠᠵᠢᠯᠯᠠᠭᠤᠯᠤᠨ ᠠᠮᠢᠳᠤᠷᠠᠭᠤᠯᠵᠤ᠂ ᠵᠠᠯᠠᠭᠤᠴᠤᠳ ᠪᠣᠯᠤᠨ ᠬᠤᠳᠠ ᠶᠢᠨ ᠬᠤᠣᠰ | ᠴᠢᠭᠯᠡᠯ ᠢᠶᠠᠷ ᠤᠷᠮᠠᠰᠢᠭᠤᠯᠬᠤ ᠶᠢ ᠠᠬᠢᠭᠤᠯᠤᠨ᠎ᠠ᠃ ᠬᠥᠯᠥᠰᠥᠨ ᠠᠵᠢᠯᠴᠢᠨ ᠤ ᠡᠷᠬᠡ ᠠᠰᠢᠭ ᠤᠨ ᠪᠠᠲᠤᠯᠠᠭ᠎ᠠ ᠶᠢ ᠬᠦᠴᠦᠲᠡᠶ ᠠᠳᠬᠤᠵᠤ᠂ ᠴᠠᠯᠢᠩ ᠮᠥᠩᠭᠦ | ᠥᠷᠢᠲᠦᠬᠦ ᠠᠰᠠᠭᠤᠳᠠᠯ ᠭᠠᠷᠬᠤ ᠶᠢ ᠤᠷᠢᠳᠴᠢᠯᠠᠨ ᠰᠡᠷᠭᠡᠶᠢᠯᠡᠨ᠎ᠡ᠃ ᠺᠠᠳ᠋ᠷ ᠠᠵᠢᠯᠳᠠᠨ ᠤ ᠨᠥᠬᠦᠪᠥᠷᠢ ᠮᠥᠩᠭᠦ ᠶᠢ ᠦᠷᠭᠦᠯᠵᠢᠯᠡᠨ ᠨᠥᠬᠦᠪᠥᠷᠢᠯᠡᠨ ᠥᠭᠴᠦ᠂ ᠺᠠᠳ᠋ᠷ | ᠠᠵᠢᠯᠳᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠤᠳᠠ ᠪᠠᠯᠭᠠᠰᠤᠨ ᠳᠤ ᠰᠢᠯᠵᠢᠭᠦᠯᠦᠨ ᠠᠵᠢᠯ ᠣᠯᠭᠤᠬᠤ ᠶᠢ ᠪᠠᠷᠢᠮᠲᠠᠯᠠᠨ᠂ ᠤᠢᠢᠷ᠎ᠠ ᠬᠠᠪᠢ | ᠲᠤᠬᠠᠶ ᠶᠢᠨ ᠭᠠᠵᠠᠷ ᠲᠠᠭᠠᠨ ᠠᠵᠢᠯ ᠤᠯᠬᠤ ᠪᠠ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠶᠢ ᠤᠶᠠᠯᠳᠤᠭᠤᠯᠵᠤ᠂ ᠬᠤᠳᠠ ᠪᠠᠯᠭᠠᠰᠤᠨ ᠤ | 600 ᠠᠴᠠ ᠳᠡᠭᠡᠭᠰᠢ ᠬᠦᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 6800 ᠠᠴᠠ ᠳᠡᠭᠡᠭᠰᠢ ᠬᠥᠳᠡᠯᠮᠦᠷᠢ ᠬᠦᠴᠦᠨ ᠢ ᠰᠢᠯᠵᠢᠭᠦᠯᠦᠨ | ᠠᠵᠢᠯ ᠣᠯᠭᠤᠨ᠎ᠠ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠤᠨ ᠬᠦᠷᠢᠶᠡᠨ ᠳᠠᠬᠢ ᠲᠤᠲᠠᠭᠳᠠᠯ ᠪᠠ | ᠪᠠᠭᠤᠷᠠᠶ ᠲᠠᠯ᠎ᠠ ᠶᠢ ᠴᠢᠷᠮᠠᠶᠢᠨ ᠨᠥᠬᠦᠪᠥᠷᠢᠯᠡᠵᠦ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠵᠡᠷᠭᠡ ᠲᠥᠷᠥᠯ ᠵᠦᠢᠯ ᠢ | ᠲᠦᠷᠭᠡᠳᠬᠡᠨ ᠪᠠᠶᠢᠭᠤᠯᠵᠤ᠂ ᠬᠤᠴᠤᠷᠤᠩᠭᠤᠢ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠲᠣᠭᠲᠠᠭᠤᠨ ᠢᠶᠠᠷ ᠰᠠᠶᠢᠵᠢᠷᠠᠭᠤᠯᠵᠤ᠂ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠶᠢᠬᠤ ᠶᠢ ᠰᠢᠯᠭᠠᠨ ᠦᠨᠡᠯᠡᠬᠦ ᠠᠵᠢᠯ ᠢ ᠡᠬᠢᠯᠡᠭᠦᠯᠦᠨ᠂ ᠪᠦᠬᠦ ᠤᠯᠤᠰ ᠤᠨ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠲᠦᠭᠡᠮᠡᠯᠵᠢᠭᠦᠯᠵᠦ ᠲᠥᠭᠡᠮᠡᠯ ᠬᠠᠷᠭᠠᠯᠵᠠᠯ ᠬᠦᠷᠲᠡᠭᠡᠬᠦ ᠰᠢᠶᠠᠨ ᠢ ᠪᠠᠶᠢᠭᠤᠯᠤᠨ᠎ᠠ᠃ 11 ᠳᠤᠮᠳᠠᠳᠤ | ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠠ ᠬᠢᠴᠢᠶᠡᠯ ᠬᠥᠮᠦᠵᠢᠯ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ | ᠪᠥᠯᠦᠭᠵᠢᠭᠰᠡᠨ ᠰᠤᠷᠭᠠᠭᠤᠯᠢ ᠡᠷᠭᠢᠯᠡᠬᠦ ᠶᠢ ᠡᠮᠬᠢ ᠵᠢᠷᠤᠮ ᠲᠠᠢ ᠪᠠᠷ ᠥᠷᠭᠡᠳᠬᠡᠨ᠂ ᠨᠠᠭᠠᠳᠤ ᠵᠠᠬ᠎ᠠ ᠳᠠᠭᠠᠨ 2 ᠰᠢᠯᠢᠳᠡᠭ ᠰᠤᠷᠭᠠᠨ ᠬᠥᠮᠦᠵᠢᠯ ᠤᠨ ᠪᠦᠯᠦᠭᠯᠡᠯ ᠢ | ᠵᠣᠬᠢᠶᠠᠨ ᠪᠠᠶᠢᠭᠤᠯᠵᠤ᠂ ᠨᠠᠩ ᠣᠯᠠᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠲᠠᠢ ᠬᠠᠮᠲᠤᠷᠠᠯᠴᠠᠨ ᠬᠠᠮᠲᠤᠪᠠᠷ ᠪᠠᠶᠢᠭᠤᠯᠬᠤ ᠶᠢ ᠢᠳᠡᠪᠬᠢᠲᠡᠶ ᠪᠠᠷ | ᠠᠬᠢᠭᠤᠯᠵᠤ᠂ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠵᠡᠷᠭᠡ ᠣᠷᠣᠨ ᠤ ᠲᠣᠲᠤᠨ᠎ᠠ ᠭᠠᠳᠠᠨᠠᠬᠢ ᠴᠢᠨᠠᠷ ᠰᠠᠶᠢᠲᠠᠶ ᠰᠤᠷᠭᠠᠭᠤᠯᠢ ᠲᠠᠢ | ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠂ 22 ᠨᠠᠷᠠᠲᠤ ᠪᠠᠭᠰᠢ ᠶᠢᠨ ᠠᠵᠢᠯ ᠤᠨ ᠲᠠᠰᠤᠭ ᠢ ᠵᠣᠬᠢᠶᠠᠨ ᠪᠠᠶᠢᠭᠤᠯᠵᠤ᠂ ᠥᠨᠳᠥᠷ ᠬᠡᠪ ᠴᠢᠨᠠᠷ ᠪᠥᠬᠦᠶ | ᠲᠤᠰᠬᠠᠶᠢᠵᠢᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠶᠢᠨ ᠡᠩᠨᠡᠭᠡ ᠶᠢ ᠬᠥᠮᠦᠵᠢᠭᠦᠯᠦᠨ᠂ ᠣᠷᠳᠣᠰ ᠤᠨ ᠪᠠᠷᠠᠭᠤᠨ ᠣᠷᠣᠨ ᠤ ᠰᠤᠷᠭᠠᠨ ᠬᠥᠮᠦᠵᠢᠯ ᠤᠨ | ᠬᠦᠴᠦᠷᠬᠡᠭ ᠬᠤᠰᠢᠭᠤ ᠶᠢ ᠪᠠᠶᠢᠭᠤᠯᠤᠨ᠎ᠠ᠃ | ᠡᠷᠡᠭᠦᠯ ᠡᠩᠬᠡ ᠬᠠᠩᠬᠢᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠮᠣᠩᠭᠤᠯ | ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠨᠠᠷᠢᠯᠢᠭᠵᠢᠭᠰᠠᠨ ᠬᠡᠯᠪᠡᠷᠢ ᠶᠢᠨ ᠡᠮᠴᠢᠯᠡᠭᠡ ᠶᠢᠨ ᠬᠠᠮᠲᠤ ᠶᠢᠨ ᠴᠣᠭᠴᠠ ᠶᠢ ᠲᠦᠷᠭᠡᠳᠬᠡᠨ | ᠬᠥᠭᠵᠢᠭᠦᠯᠵᠦ᠂ ᠣᠯᠠᠨ ᠲᠦᠮᠡᠨ ᠤ ᠰᠢᠶᠠᠨ ᠤ ᠬᠡᠪᠴᠢᠶᠡᠨ ᠲᠣᠲᠤᠷ᠎ᠠ ᠡᠪᠡᠳᠴᠢᠨ ᠦᠵᠡᠭᠦᠯᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ ᠶᠢᠨ ᠪᠣᠯᠪᠠᠰᠤᠷᠠᠯ ᠤᠨ ᠲᠥᠪ᠂ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠪᠡᠳᠴᠢᠨ ᠢ ᠵᠠᠰᠠᠬᠤ ᠲᠥᠪ ᠵᠡᠷᠭᠡ | ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢ ᠪᠠᠷᠢᠮᠵᠢᠶ᠎ᠠ ᠳᠤ ᠬᠦᠷᠭᠡᠬᠦ ᠶᠢ ᠠᠬᠢᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠡᠩᠴᠡᠭᠦᠷᠢᠲᠡᠶ | ᠬᠥᠭᠵᠢᠯᠲᠡ ᠶᠢ ᠠᠬᠢᠭᠤᠯᠤᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠦᠨ᠂ | ᠲᠡᠶᠢᠷᠦᠯᠲᠦ ᠰᠤᠮᠤ ᠶᠢᠨ ᠴᠡᠷᠢᠭ ᠠᠩᠭᠢ ᠶᠢᠨ ᠤᠨᠴᠠᠯᠢᠬᠳᠤ ᠠᠨᠠᠭᠠᠬᠤ ᠤᠬᠠᠭᠠᠨ ᠤ ᠲᠥᠪ ᠲᠠᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ | ᠲᠦᠮᠡᠨ ᠤ ᠬᠡᠷ ᠤᠨ ᠬᠠᠵᠠᠭᠤ ᠳᠠᠭᠠᠨ ︽ᠨᠠᠷᠠᠲᠤ ᠡᠮᠴᠢ︾ ᠪᠠᠷ ᠡᠮᠴᠢᠯᠡᠭᠦᠯᠬᠦ ᠶᠢ ᠪᠡᠶᠡᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠦᠨ᠎ᠡ | ᠲᠥᠯᠥᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠶᠢ ᠦᠷᠨᠢᠭᠦᠯᠵᠦ᠂ 40 ᠨᠠᠰᠤᠨ ᠠᠴᠠ ᠳᠡᠭᠡᠭᠰᠢᠬᠢ ᠬᠠᠩᠭᠢᠨ ᠬᠤᠰᠢᠭᠤᠨ ᠤ ᠡᠷᠦᠬᠡ ᠠᠮᠠ ᠲᠠᠢ ᠰᠠᠭᠤᠭᠠᠯᠢ | ᠠᠷᠠᠳ ᠲᠤ ᠰᠦᠢᠳᠬᠡᠯ ᠬᠤᠷᠢᠶᠠᠬᠤ ᠥᠬᠡᠶ ᠪᠠᠷ ᠡᠯᠢᠭᠡᠨ ᠥᠮᠡᠨ᠂ ᠠᠭᠤᠰᠬᠢᠨ ᠤ ᠥᠮᠡᠨ ᠤ ᠪᠠᠶᠢᠴᠠᠭᠠᠯᠲᠠ ᠵᠢᠴᠢ ︽ᠳᠥᠷᠪᠡᠨ ᠥᠨᠳᠥᠷ︾ ᠤᠨ ᠰᠢᠭᠰᠢᠨ | ᠪᠠᠶᠢᠴᠠᠭᠠᠯᠲᠠ ᠬᠢᠬᠦ ᠶᠢ ᠥᠷᠨᠢᠭᠦᠯᠦᠨ᠎ᠡ᠃ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠤᠯᠤᠭᠠᠨ᠎ᠠ ᠶᠢᠨ | ᠬᠢᠵᠢᠭ᠂ ᠪᠷᠦ᠋ᠼᠧᠯ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠵᠢᠴᠢ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠡᠬᠢ ᠡᠭᠦᠰᠦᠯ ᠠᠴᠠ ᠨᠢ ᠵᠠᠰᠠᠬᠤ ᠪᠠ | ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠠᠵᠢᠯ ᠢ ᠴᠢᠩᠭᠠᠳᠬᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ | ᠠᠬᠢᠭᠤᠯᠵᠤ᠂ ᠬᠦᠴᠢᠷᠳᠡᠯᠲᠡᠢ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠣᠷᠣᠯᠠᠨ ᠲᠤᠰᠢᠶᠠᠬᠤ᠂ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠤᠨ ᠠᠮᠢᠳᠤᠷᠠᠯ ᠤᠨ ᠨᠥᠬᠦᠪᠥᠷᠢ ᠵᠢᠴᠢ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠬᠤᠪᠢ ᠶᠢᠨ ᠡᠵᠡᠩᠨᠡᠯᠲᠡ ᠶᠢᠨ ᠡᠷᠦᠬᠡ ᠳᠤ | ᠨᠥᠬᠦᠪᠥᠷᠢ ᠣᠯᠭᠤᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠲᠣᠬᠢᠷᠠᠭᠤᠯᠤᠨ ᠲᠠᠷᠬᠠᠭᠠᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ 100 ᠢᠵᠢ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠤᠨ᠎ᠠ᠃ ᠵᠣᠯ ᠵᠢᠷᠭᠠᠯᠲᠤ ᠨᠠᠰᠤᠵᠢᠯ ᠤᠨ ᠠᠰᠠᠷᠠᠮᠵᠢ ᠶᠢᠨ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠰᠤᠲᠠᠶᠢᠴᠤᠳ᠂ | ᠵᠡᠮᠳᠡᠭᠴᠦᠳ᠂ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠡᠶ᠎ᠡ ᠨᠠᠶᠢᠷᠰᠠᠭ ᠬᠤᠳᠠ ᠶᠢ ᠪᠥᠲᠦᠭᠡᠨ | ᠪᠠᠶᠢᠭᠤᠯᠤᠨ᠎ᠠ᠃ | ᠣᠯᠠᠨ ᠲᠥᠮᠡᠨ ᠤ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ | ᠪᠠ ︽ᠨᠢᠭᠡ ᠠᠷᠪᠠ ᠵᠠᠭᠤ︾ ᠶᠢᠨ ᠰᠣᠶᠣᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠡᠷᠲᠡᠨ ᠤ ᠰᠣᠳᠣᠨ ᠵᠦᠴᠦᠭᠡ ᠶᠢ ᠡᠭᠦᠳᠦᠨ ᠪᠦᠲᠦᠭᠡᠵᠦ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 100 ᠲᠠᠯᠠᠪᠠᠢ ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠣᠯᠠᠨ ᠤ | ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠰᠣᠶᠣᠯ ᠤᠨ ᠥᠪ ᠢ ᠬᠠᠮᠠᠭᠠᠯᠠᠬᠤ ᠪᠠ ᠠᠮᠢᠳᠤᠯᠢᠭ ᠠᠰᠢᠭᠯᠠᠬᠤ ᠶᠢ ᠲᠦᠯᠬᠢᠨ ᠠᠬᠢᠭᠤᠯᠵᠤ᠂ | ᠬᠠᠳᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ ᠴᠤᠭᠯᠠᠭᠤᠯᠤᠨ ᠡᠮᠬᠢᠯᠡᠬᠦ ᠶᠢᠨ ᠬᠠᠮᠲᠤ ᠭᠤᠶᠤᠴᠢᠯᠠᠨ ᠮᠡᠳᠡᠭᠦᠯᠬᠦ | ᠠᠵᠢᠯ ᠢ ᠢᠳᠡᠪᠬᠢᠲᠡᠶ ᠥᠷᠨᠢᠭᠦᠯᠦᠨ᠎ᠡ᠃ ᠵᠠᠩᠭᠠᠷ ᠤᠨ ᠲᠤᠤᠯᠢᠰ ᠤᠨ ᠬᠠᠩᠬᠢᠨ ᠳᠠᠬᠢ ᠰᠤᠳᠤᠯᠭᠠᠨ ᠤ ᠰᠠᠭᠤᠷᠢᠨ ᠭᠠᠵᠠᠷ᠂ ᠤᠮᠠᠷᠠᠲᠤ ᠬᠢᠯᠢ ᠶᠢᠨ ᠰᠤᠳᠤᠯᠭᠠᠨ ᠤ | ᠲᠥᠪ ᠤᠨ ᠬᠠᠩᠭᠢᠨ ᠬᠤᠰᠢᠭᠤᠨ ᠳᠠᠬᠢ ᠠᠵᠢᠯᠯᠠᠬᠤ ᠦᠷᠲᠡᠭᠡ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ | ᠪᠦᠲᠦᠭᠡᠯᠴᠢ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠤᠮᠠᠷᠠᠲᠤ ᠶᠢᠨ ᠰᠣᠶᠣᠯ ᠢ ᠤᠯᠠᠮᠵᠢᠯᠠᠨ | ᠪᠠᠳᠠᠷᠠᠭᠤᠯᠤᠭᠰᠠᠨ ᠬᠠᠩᠭᠢᠨ ᠤ ᠦᠯᠢᠭᠡᠷ ᠢ ᠰᠠᠶᠢᠲᠤᠷ ᠶᠠᠷᠢᠨ᠎ᠠ᠃ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠨᠠᠭᠠᠳᠤᠮ ᠤᠨ ᠬᠤᠷᠠᠯ ᠢ ᠰᠠᠶᠢᠲᠤᠷ ᠡᠷᠭᠢᠯᠡᠨ᠎ᠡ᠃ | ︵ᠨᠠᠢᠮᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠬᠦᠴᠦ ᠪᠠᠨ ᠲᠥᠪᠯᠡᠷᠡᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ | ᠬᠦᠴᠦᠨ ᠢ ᠬᠦᠭᠵᠢᠬᠡᠨ᠎ᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠨᠥᠭᠡᠴᠡ | ᠬᠦᠴᠦᠨ ᠢ ᠨᠡᠮᠡᠭᠳᠡᠭᠦᠯᠬᠦ ︽ᠠᠯᠲᠠᠨ ᠲᠦᠯᠬᠢᠭᠦᠷ︾ ᠪᠣᠯᠭᠠᠵᠤ᠂ ᠪᠣᠭᠤᠮᠲᠠ ᠰᠢᠪᠲᠤᠯᠬᠤ ᠴᠢᠬᠤᠯᠠ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ ᠬᠢᠵᠦ᠂ ᠬᠥᠭᠵᠢᠯᠲᠡ ᠶᠢᠨ ᠣᠷᠣᠨ ᠵᠠᠶ ᠶᠢ ᠪᠦᠬᠦ ᠲᠠᠯ᠎ᠠ ᠪᠠᠷ ᠥᠷᠭᠡᠳᠬᠡᠨ᠎ᠡ᠃ | ᠨᠠᠩ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠡᠭᠦᠳᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠴᠠᠩᠭᠤᠶ ᠪᠠᠷ ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠢᠳᠡᠪᠬᠢᠲᠡᠢ | ᠥᠷᠨᠢᠭᠦᠯᠦᠨ᠂ ︽ᠨᠡᠶᠢᠯᠡᠭᠦᠯᠦᠨ ᠬᠢᠨᠠᠨ ᠵᠥᠪᠰᠢᠶᠡᠷᠡᠬᠦ︾ ᠪᠠ ᠨᠡᠭᠡᠭᠡᠯᠲᠡ ᠶᠢᠨ ᠲᠣᠭᠤᠷᠢᠭ ᠤᠨ ︽ᠭᠠᠵᠠᠷ ᠬᠡᠷᠡᠭᠯᠡᠬᠦ ᠨᠠᠷᠢᠨ ᠲᠠᠩᠰᠠ + ᠪᠠᠷᠢᠮᠵᠢᠶᠠᠲᠤ ᠭᠠᠵᠠᠷ︾ | ᠰᠢᠯᠵᠢᠭᠦᠯᠦᠨ ᠥᠭᠬᠦ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠨᠠᠩ ᠣᠯᠠᠨ ᠵᠦᠢᠯᠡᠰ ᠢ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠥᠪᠡᠰᠦᠪᠡᠨ ᠭᠦᠢᠴᠡᠳᠬᠡᠬᠦ᠂ | ᠨᠢᠭᠡ ᠯᠡ ᠤᠳᠠᠭ᠎ᠠ ᠳᠤ ᠭᠦᠢᠴᠡᠳᠬᠡᠬᠦ ᠶᠢ ᠠᠬᠢᠭᠤᠯᠤᠨ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤ ᠪᠠ ︽ ᠶᠢᠨ ᠰᠢᠨ ᠪᠠᠨ︾ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ᠂ | ᠲᠥᠷᠥ ᠶᠢᠨ ᠪᠣᠳᠣᠯᠭ᠎ᠠ᠂ ᠬᠦᠴᠦᠨ ᠵᠦᠢᠯ᠂ ᠬᠠᠣᠯᠢ ᠪᠠᠷ ᠵᠠᠰᠠᠬᠤ᠂ ᠵᠠᠰᠠᠭ ᠠᠵᠤ ᠠᠬᠤᠶᠢᠯᠠᠯ ᠬᠤᠯᠪᠤᠭᠠᠯᠠᠬᠤ ︽ᠲᠠᠪᠤᠨ ᠣᠷᠴᠢᠨ ᠲᠣᠭᠤᠷᠢᠨ︾ ᠤ ᠪᠥᠲᠥᠭᠡᠨ | ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠠᠵᠤ ᠠᠬᠤᠶᠢᠯᠠᠯ ᠳᠤ ᠲᠥᠬᠦᠮ ᠦᠵᠡᠭᠦᠯᠬᠦ ᠵᠠᠭᠠᠯᠳᠤᠯᠭ᠎ᠠ ᠶᠢᠨ ᠬᠠᠯᠠᠮᠰᠢᠯ ᠤᠲᠠᠰᠤ ᠭᠠᠷᠭᠠᠵᠤ᠂ ︽ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠡᠶᠡᠴᠢᠯᠡᠨ ᠣᠶᠢᠯᠠᠭᠠᠬᠤ ᠲᠠᠪᠴᠠᠩ︾ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ | ᠣᠷᠣᠭᠤᠯᠬᠤ ᠪᠠᠷ ᠴᠢᠷᠮᠠᠶᠢᠨ᠎ᠠ᠃ ᠵᠠᠰᠠᠭ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠶ ᠬᠠᠷᠢᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ | ᠣᠷᠳᠣᠨ ᠲᠦᠷᠦᠭᠦᠯᠡᠨ ᠠᠮᠠᠯᠠᠯᠲᠠ ᠪᠠᠨ ᠪᠠᠲᠤ ᠰᠠᠬᠢᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠢᠭᠤᠳ | ᠲᠦᠷᠭᠡᠨ ᠡᠳ᠋ᠯᠡᠭᠦᠯᠬᠦ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ | ᠥᠭᠭᠦᠨ᠎ᠡ᠃ | ᠲᠥᠯᠥᠭᠡᠯᠡᠭᠴᠢᠳ ᠡ᠂ ᠬᠠᠩᠭᠢᠨ ᠬᠤᠰᠢᠭᠤᠨ ᠳᠤ ᠠᠪᠴᠤ ᠬᠡᠯᠡᠪᠡᠯ᠂ ᠰᠢᠯᠢᠳᠡᠭ ᠰᠠᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠬᠤᠲᠠ ᠶᠢᠨ | ᠳᠦᠷᠢ ᠲᠥᠷᠬᠦ ᠮᠥᠨ᠂ ᠮᠥᠨᠴᠦ ᠬᠠᠩᠭᠢᠨ ᠤ ᠡᠭᠡᠯ ᠪᠣᠷᠣᠭᠵᠢᠭᠤᠨ᠂ ᠦᠨᠡᠨᠴᠢ ᠢᠲᠡᠭᠡᠮᠵᠢᠲᠡᠶ ᠭᠠᠵᠠᠷ ᠣᠷᠣᠨ ᠤ ᠰᠣᠶᠣᠯ ᠤᠨ ᠲᠡᠮᠲᠡᠭ ᠮᠥᠨ᠂ ᠨᠠᠩ ᠴᠤ | ᠢᠷᠡᠭᠡᠳᠦᠶ ᠶᠢᠨ ᠬᠥᠭᠵᠢᠯᠲᠡ ᠪᠠᠨ ᠲᠦᠷᠭᠡᠳᠬᠡᠬᠦ ᠶᠢᠨ ᠰᠠᠭᠤᠷᠢ ᠪᠠ ᠦᠨᠳᠦᠰᠦ ᠮᠥᠨ᠂ ᠪᠢᠳᠡ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠪᠠ ᠣᠯᠠᠨ | ᠲᠦᠮᠡᠨ ᠤ ᠬᠦᠴᠢᠷᠳᠡᠯ ᠪᠠ ᠰᠠᠨᠠᠭᠠᠰᠢᠷᠠᠯ ᠳᠤ ᠴᠢᠭᠯᠡᠭᠦᠯᠦᠨ᠂ ᠵᠠᠩᠭᠢᠯᠠᠭ᠎ᠠ ᠶᠢ ᠠᠳᠬᠤᠵᠤ᠂ ᠲᠤᠲᠠᠭᠳᠠᠯ ᠢᠶᠠᠨ ᠰᠢᠢᠳᠪᠦᠷᠢᠯᠡᠨ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠨᠠᠩ ᠥᠨᠳᠥᠷ ᠲᠦᠪᠰᠢᠨ ᠳᠤ ᠭᠠᠷᠭᠠᠬᠤ ᠶᠢ ᠬᠦᠴᠦᠯᠡᠨ ᠠᠬᠢᠭᠤᠯᠵᠤ᠂ ᠬᠠᠩᠭᠢᠨ ᠬᠤᠰᠢᠭᠤᠨ ᠤ ᠨᠡᠷᠡᠲᠦ ᠲᠥᠷᠦᠯ ᠲᠡᠮᠲᠡᠭᠲᠦ ᠶᠢ ᠦᠷᠭᠦᠯᠵᠢᠯᠡᠨ | ᠪᠠᠳᠠᠷᠠᠭᠤᠯᠤᠨ᠎ᠠ︕ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠢ ᠪᠦᠳᠦᠭᠡᠨ | ᠪᠠᠶᠢᠭᠤᠯᠬᠤ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠤᠨ᠎ᠠ᠃ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ ᠮᠥᠩᠭᠦ ᠪᠠ ᠲᠥᠷᠦᠯ ᠵᠦᠢᠯ ᠢ ᠲᠠᠲᠠᠬᠤ᠂ ᠲᠥᠰᠦᠪ ᠤᠨ ᠬᠠᠮᠢᠶᠠᠷᠤᠯᠲᠠ ᠬᠢᠭᠡᠳ ᠠᠵᠢᠯ ᠤᠨ ᠦᠷ᠎ᠡ | ᠪᠦᠲᠦᠮᠵᠢ ᠶᠢ ᠬᠢᠨᠠᠨ ᠰᠢᠯᠭᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ︽ᠲᠥᠰᠦᠪ ᠦᠭᠡᠢ ᠪᠣᠯ ᠠᠵᠢᠯ ᠡᠬᠢᠯᠡᠭᠦᠯᠬᠦ ᠦᠭᠡᠢ︾ ᠶᠢ ᠡᠷᠡᠰ | ᠪᠠᠷᠢᠮᠲᠠᠯᠠᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ ᠠᠩᠬᠠᠨ ᠤ ᠪᠦᠯᠦᠭ ᠲᠤ 10 ᠲᠥᠰᠦᠪ ᠤᠨ ᠨᠢᠭᠡᠴᠡ ᠶᠢ | ᠰᠣᠩᠭᠤᠨ ᠲᠤᠬᠠᠶᠢᠯᠠᠭᠰᠠᠨ ᠠᠵᠢᠯ ᠤᠨ ᠵᠠᠷᠤᠳᠠᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠵᠣᠭᠤᠰ ᠵᠠᠷᠤᠬᠤ ᠳᠤ ᠵᠠᠪᠠᠯ ᠦᠷ᠎ᠡ | ᠪᠦᠲᠦᠮᠵᠢ ᠶᠢ ᠨᠢ ᠠᠰᠠᠭᠤᠵᠤ᠂ ᠵᠣᠭᠤᠰ ᠵᠠᠷᠤᠪᠠᠯ ᠵᠠᠪᠠᠯ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ᠃ ᠭᠠᠶᠢᠯᠢ ᠲᠠᠲᠠᠪᠤᠷᠢ ᠶᠢ ᠶᠡᠷᠦᠩᠬᠡᠶᠢᠯᠡᠨ | ᠵᠠᠰᠠᠬᠤ ᠶᠢ ᠭᠦᠨᠵᠡᠭᠡᠶ ᠠᠬᠢᠭᠤᠯᠵᠤ᠂ ᠭᠠᠶᠢᠯᠢ ᠶᠢ ᠰᠠᠯᠭᠠᠬᠤ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠰᠤᠮᠤ ᠪᠠᠯᠭᠠᠰᠤ ᠶᠢᠨ ᠰᠢᠨ᠎ᠡ | ᠬᠥᠳᠡᠯᠭᠡᠬᠦ ᠬᠦᠴᠦᠨ ᠢ ᠬᠥᠭᠵᠢᠭᠡᠵᠦ᠂ ᠣᠯᠠᠨ ᠠᠷᠭ᠎ᠠ ᠵᠠᠮ ᠢᠶᠠᠷ ᠣᠷᠣᠯᠭ᠎ᠠ ᠶᠢᠨ ᠢᠷᠡᠯᠲᠡ ᠶᠢ ᠥᠷᠭᠡᠳᠬᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ︽ᠵᠢᠷᠭᠤᠭ᠎ᠠ ᠶᠢ ᠲᠣᠭᠲᠠᠭᠠᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠣᠷᠳᠣ ᠬᠤᠭᠤᠴᠠᠭᠠᠨ ᠤ ᠤᠷᠮᠠᠰᠢᠭᠤᠯᠬᠤ ᠪᠠ ᠰᠢᠯᠭᠠᠨ ᠬᠢᠨᠠᠬᠤ | ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠ ᠠᠰᠢᠭ ᠬᠤᠨᠵᠢᠪᠣᠷᠢ ᠶᠢᠨ | ᠶᠡᠷᠦᠩᠬᠡᠶ ᠲᠤᠭ᠎ᠠ ᠶᠢ ᠳᠠᠬᠢᠨ ᠢᠶᠠᠷ ᠨᠡᠮᠡᠭᠳᠡᠭᠦᠯᠬᠦ ᠪᠠᠷ ᠴᠢᠷᠮᠠᠶᠢᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠣᠳᠣᠯᠭᠠᠨ ᠳᠠᠬᠢ | ᠣᠷᠤᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ︽ᠭᠤᠷᠪᠠ ᠶᠢ ᠥᠭᠡᠶᠢᠰᠬᠡᠬᠦ︾ ᠪᠠ ︽ᠬᠤᠣᠰ ᠳᠠᠬᠢᠨ ᠢᠶᠠᠷ ᠨᠡᠮᠡᠭᠳᠡᠭᠦᠯᠵᠦ᠂ ᠬᠤᠶᠠᠷ ᠢ ᠳᠡᠭᠡᠭᠰᠢᠯᠡᠭᠦᠯᠬᠦ︾ | ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ | 10% ᠠᠴᠠ ᠳᠡᠭᠡᠭᠰᠢ ᠨᠡᠮᠡᠭᠳᠡᠭᠦᠯᠦᠨ᠂ ︽ᠭᠤᠷᠪᠠ ᠶᠢ ᠥᠭᠡᠶᠢᠰᠬᠡᠬᠦ︾ ᠠᠵᠤ ᠠᠬᠤᠶᠢᠯᠠᠯ ᠢ 3 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠲᠣᠰ ᠲᠣᠰ 3 ᠪᠠ 5 ᠰᠢᠨ᠎ᠡ ᠪᠠᠷ | ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ 5 ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠳᠬᠠᠨ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠶᠡᠭᠡ | ᠳᠡᠭᠡᠳᠦ ᠰᠤᠷᠭᠠᠭᠤᠯᠢ᠂ ᠲᠣᠯᠤᠭᠠᠶᠢᠯᠠᠭᠴᠢ ᠴᠢᠳᠠᠪᠤᠷᠢᠲᠠᠨ ᠤ ᠪᠦᠯᠬᠦᠮ ᠲᠠᠢ ᠬᠠᠮᠲᠤᠷᠠᠯᠴᠠᠵᠤ᠂ ᠲᠠᠪᠴᠠᠩ ᠢᠶᠠᠷ ᠴᠢᠳᠠᠪᠤᠷᠢᠲᠠᠨ ᠢ ᠴᠤᠭᠯᠠᠭᠤᠯᠵᠤ᠂ ᠲᠥᠷᠥ ᠶᠢᠨ | ᠪᠣᠳᠣᠯᠭ᠎ᠠ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠺᠠᠳᠧᠮᠢᠴᠢ ᠶᠢᠨ ᠠᠵᠢᠯ ᠤᠨ ᠥᠷᠲᠡᠭᠡ᠂ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯ ᠤᠨ ᠥᠷᠲᠡᠭᠡ ᠬᠠᠩᠭᠢᠨ ᠬᠤᠰᠢᠭᠤᠨ ᠳᠤ ᠰᠠᠭᠤᠷᠢᠰᠢᠬᠤ ᠶᠢ ᠵᠣᠷᠢᠭᠵᠢᠭᠤᠯᠵᠤ᠂ 8 ᠠᠴᠠ ᠳᠡᠭᠡᠭᠰᠢ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠨ᠎ᠠ᠃ | ︵ᠶᠢᠰᠦ︶ ᠬᠦᠴᠦ ᠪᠠᠨ ᠬᠠᠮᠲᠤᠳᠬᠠᠨ ᠠᠮᠤᠷ ᠲᠣᠭᠲᠠᠭᠤᠨ ᠢ ᠰᠠᠬᠢᠨ ᠬᠠᠮᠠᠭᠠᠯᠠᠬᠤ᠂ ᠠᠮᠤᠷ ᠲᠦᠪᠰᠢᠨ ᠲᠣᠭᠲᠠᠭᠤᠨ ᠰᠢᠨ᠎ᠡ ᠣᠷᠴᠢᠨ ᠲᠣᠭᠤᠷᠢᠨ ᠢ | ᠡᠭᠦᠳᠦᠨ᠎ᠡ᠃ ᠬᠤᠷᠢᠭ᠎ᠠ ᠱᠤᠭᠤᠮ ᠤᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠬᠢᠭᠡᠳ ᠰᠠᠨᠠᠭᠠᠰᠢᠷᠠᠨ ᠵᠣᠪᠠᠨᠢᠬᠤ ᠤᠬᠠᠮᠰᠠᠷ᠂ ᠬᠠᠷᠢᠭᠤᠴᠠᠯᠭᠠᠲᠤ | ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠬᠢᠭᠡᠳ ᠥᠨᠳᠥᠷ ᠲᠦᠪᠰᠢᠨ ᠪᠥᠬᠦᠶ ᠠᠮᠤᠷ ᠲᠦᠪᠰᠢᠨ ᠤ ᠰᠠᠶᠢᠨ | ᠨᠥᠬᠦᠴᠡᠯᠳᠦᠯ ᠢ ᠴᠢᠷᠮᠠᠶᠢᠨ ᠪᠡᠶᠡᠯᠡᠭᠦᠯᠦᠨ᠎ᠡ ᠃ | ᠠᠮᠤᠷ ᠲᠥᠪᠰᠢᠨ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠴᠢᠩᠭ᠎ᠠ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ︽ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠨ︾ ᠢᠶᠠᠷ ᠠᠵᠠ ᠲᠣᠬᠢᠶᠠᠯ ᠪᠣᠯᠭᠠᠵᠤ᠂ ᠠᠶᠤᠯᠭᠦᠢ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠥᠷᠨᠢᠭᠦᠯᠦᠨ᠂ ᠬᠠᠩᠭᠢᠨ ᠬᠤᠰᠢᠭᠤᠨ ᠤ ᠠᠮᠤᠷ ᠲᠦᠪᠰᠢᠨ ᠤ | ᠵᠢᠯᠣᠭᠤᠳᠬᠤ ᠦᠷᠦᠭᠡ ᠶᠢ ᠪᠠᠶᠢᠭᠤᠯᠵᠤ᠂ ᠠᠮᠤᠷ ᠲᠦᠪᠰᠢᠨ ᠤ ᠣᠷᠣᠭᠤᠯᠤᠯᠲᠠ ᠪᠠᠨ ᠨᠡᠮᠡᠭᠳᠡᠭᠦᠯᠦᠨ᠂ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ | ᠂ ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠠᠷᠪᠠᠨ ᠬᠤᠶᠠᠷ | ᠵᠦᠢᠯ ᠤᠨ ᠠᠷᠭ᠎ᠠ ᠬᠡᠮᠵᠢᠶ᠎ᠡ︾ ᠵᠡᠷᠭᠡ ᠳᠦᠷᠢᠮ ᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ | ᠪᠥᠬᠦ ᠲᠠᠯ᠎ᠠ ᠪᠠᠷ ᠳᠠᠬᠢᠨ ᠴᠣᠭᠴᠠᠯᠠᠬᠤ ᠶᠢ ᠠᠬᠢᠭᠤᠯᠤᠨ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ | ᠤᠯᠤᠰ ᠤᠨ ᠰᠢᠶᠠᠨ ᠤ ᠬᠡᠪᠴᠢᠶᠡᠨ ᠤ ᠲᠡᠷᠢᠭᠦᠨ ᠤ ᠬᠢᠷᠢ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ ᠠᠶᠤᠯᠲᠠᠶ ᠬᠢᠮᠢ ᠶᠢᠨ ᠪᠣᠳᠠᠰ᠂ ᠡᠨᠧᠷᠬᠢ᠂ ᠵᠠᠮ ᠬᠠᠷᠢᠯᠴᠠᠭ᠎ᠠ | ᠂ ᠪᠠᠷᠢᠯᠭ᠎ᠠ᠂ ᠬᠤᠲᠠ ᠪᠠᠯᠭᠠᠰᠤ ᠶᠢᠨ ᠰᠢᠲᠠᠮᠠᠬᠠᠶ ᠬᠡᠶ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠦᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠴᠦ ᠬᠠᠤᠯᠢ ᠠᠴᠠ ᠵᠥᠷᠢᠴᠡᠭᠰᠡᠳ ᠢ ᠵᠠᠰᠠᠬᠤ ᠥᠨᠳᠥᠷ ᠳᠠᠷᠤᠯᠲᠠ ᠦᠵᠡᠭᠦᠯᠬᠦ ᠶᠢ ᠪᠠᠲᠤᠯᠠᠵᠤ᠂ ᠬᠦᠨᠳᠦ ᠣᠨᠴᠠ ᠶᠡᠭᠡ ᠠᠳᠡᠯ ᠡᠭᠦᠰᠬᠦ ᠶᠢ ᠡᠷᠡᠰ | ᠬᠤᠷᠢᠭᠯᠠᠨ᠎ᠠ᠃ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ | ᠣᠨᠴᠠᠭᠠᠢ ᠴᠠᠭ ᠠᠭᠤᠷ᠂ ᠦᠶᠡᠷ ᠤᠰᠤᠲᠤᠯ ᠭᠠᠩ ᠬᠠᠭᠰᠠᠷᠭᠠᠨ ᠵᠡᠷᠭᠡ ᠪᠠᠶᠢᠭᠠᠯᠢ ᠶᠢᠨ ᠭᠠᠮᠰᠢᠭ ᠢ ᠴᠢᠩᠭ᠎ᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ᠂ ᠡᠳ᠋ ᠪᠣᠳᠠᠰ ᠤᠨ ᠪᠠᠲᠤᠯᠠᠭ᠎ᠠ ᠪᠠ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ | ᠲᠦᠪᠰᠢᠨ ᠤ ᠬᠠᠮᠠᠭᠠᠯᠠᠯᠲᠠ ᠶᠢᠨ ᠲᠣᠣᠷ ᠢ ᠪᠠᠲᠤᠳᠬᠠᠨ᠎ᠠ᠃ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠩᠭ᠎ᠠ ᠪᠠᠷᠢᠮᠳᠠᠯᠠᠨ᠎ᠠ᠃ ᠵᠠᠰᠠᠭ ᠤᠨ ᠣᠷᠳᠣᠨ ᠤ ᠵᠢᠭᠡᠯᠡᠯᠭᠡ ᠠᠪᠬᠤ ᠪᠠ ᠪᠠᠯᠠ ᠳᠣᠭᠢᠷᠠᠭᠤᠯᠬᠤ | ᠠᠵᠢᠯᠯᠠᠭ᠎ᠠ ᠶᠢ ᠵᠢᠷᠤᠮᠵᠢᠭᠤᠯᠵᠤ᠂ 2 ᠠᠴᠠ 3 ᠵᠢᠯ ᠤᠨ ᠬᠤᠭᠤᠴᠠᠭᠠᠨ ᠳᠤ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠵᠦ᠂ ᠥᠩᠭᠡᠷᠡᠭᠰᠡᠨ | ᠵᠢᠯ ᠤᠳ ᠲᠤ ᠥᠭᠭᠦᠭᠡᠳᠦᠶ ᠲᠤᠰᠬᠠᠶ ᠪᠠᠯᠠ ᠮᠥᠩᠭᠦ ᠶᠢᠨ ︽ᠬᠤᠶᠠᠷ ᠢ ᠦᠭᠡᠶᠢᠰᠬᠡᠬᠦ︾ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠥᠬᠡᠶ᠂ ︽ᠭᠤᠷᠪᠠ ᠶᠢ ᠪᠠᠲᠤᠯᠠᠬᠤ︾ ᠪᠠᠯᠠ ᠮᠥᠩᠭᠦ ᠶᠢᠨ ᠬᠡᠯᠬᠢᠶ᠎ᠡ ᠲᠠᠰᠤᠷᠠᠬᠤ ᠦᠭᠡᠢ ᠪᠠᠶᠢᠬᠤ ᠶᠢ ᠪᠠᠲᠤᠯᠠᠨ᠂ | ᠬᠥᠭᠵᠢᠯᠲᠡ ᠶᠢᠨ ︽ᠳᠠᠷᠤᠭᠠᠰᠤ︾ ᠶᠢ ᠬᠥᠩᠭᠡᠷᠡᠭᠦᠯᠦᠨ᠎ᠡ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠬᠢ | ᠪᠠᠶᠠᠯᠢᠭ ᠤᠨ ᠠᠰᠢᠭᠯᠠᠯᠲᠠ ᠶᠢ ᠨᠠᠩ ᠡᠷᠴᠢᠮᠯᠢᠭ ᠥᠨᠳᠥᠷ ᠪᠦᠲᠦᠮᠵᠢᠲᠡᠶ ᠪᠣᠯᠭᠠᠨ᠎ᠠ᠃ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠰᠠᠭᠤᠳᠠᠯ ᠲᠠᠢ ᠠᠰᠠᠷ ᠢ ᠰᠢᠢᠳᠪᠦᠷᠢᠯᠡᠬᠦ ᠪᠠ ︽ᠪᠠᠲᠤᠯᠠᠭᠠᠲᠤ ᠲᠤᠰᠢᠶᠠᠬᠤ ᠠᠰᠠᠷ︾ ᠤᠨ ᠠᠵᠢᠯ ᠢ | ᠰᠠᠶᠢᠲᠤᠷ ᠬᠢᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠭᠠᠶᠢᠯᠢ ᠰᠦᠢᠳᠬᠡᠯ ᠢ ᠢᠯᠭᠠᠷᠠᠭᠤᠯᠤᠨ ᠲᠤᠰᠢᠶᠠᠬᠤ ᠪᠠ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠵᠢᠭᠡᠯᠡᠯᠭᠡ ᠶᠢᠨ | ᠲᠡᠮᠳᠡᠭᠲᠦ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠲᠡᠭᠦᠯᠳᠡᠷᠵᠢᠭᠦᠯᠦᠨ᠂ ᠥᠩᠭᠡᠷᠡᠭᠰᠡᠨ ᠤ ᠬᠠᠤᠯᠢ ᠪᠤᠰᠤ ᠪᠠᠷ ᠪᠡᠯᠡ | ᠴᠤᠭᠯᠠᠭᠤᠯᠤᠭᠰᠠᠨ ᠬᠡᠷᠡᠭ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ | ᠪᠤᠰᠤ ᠪᠡᠯᠡ ᠬᠦᠷᠦᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ | ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠬᠢᠵᠠᠭᠠᠷ ᠱᠤᠭᠤᠮ ᠢ ᠡᠷᠡᠰ ᠰᠠᠬᠢᠨ᠎ᠠ᠃ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠭᠤᠶᠢᠪᠢᠰᠢ ᠦᠭᠡᠢ ᠪᠠᠷᠢᠮᠳᠠᠯᠠᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠠᠵᠢᠯ ᠢ ᠭᠦᠨᠵᠡᠭᠡᠶ ᠲᠦᠯᠬᠢᠨ ᠠᠬᠢᠭᠤᠯᠣᠨ᠎ᠠ᠃ ᠦᠨᠳᠦᠰᠦᠨ ᠱᠠᠲᠤᠨ ᠤ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠤ | ᠬᠦᠴᠦᠨ ᠢ ᠡᠮᠬᠢᠯᠡᠨ ᠰᠢᠯᠢᠳᠡᠭᠵᠢᠭᠦᠯᠵᠦ᠂ ︽ᠤᠯᠠᠨ ᠲᠣᠣᠷ ᠢ ᠨᠢᠭᠡᠳᠬᠡᠨ᠂ ᠨᠢᠭᠡ ᠲᠣᠣᠷ ᠲᠤ ᠤᠯᠠᠨ ᠴᠢᠳᠠᠮᠵᠢ ᠲᠠᠢ︾ ᠵᠠᠰᠠᠯᠲᠠ ᠶᠢᠨ ᠪᠠᠶᠢᠷᠢᠰᠢᠯ ᠢ ᠪᠤᠢ | ᠪᠣᠯᠭᠠᠬᠤ ᠶᠢ ᠲᠦᠯᠬᠢᠨ ᠠᠬᠢᠭᠤᠯᠤᠨ᠎ᠠ᠃ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠪᠠ ︽ᠳᠠᠷᠤᠭᠳᠠᠮᠠᠯ ᠬᠡᠷᠡᠭ ᠢ | ᠰᠢᠢᠳᠪᠦᠷᠢᠯᠡᠬᠦ᠂ ᠬᠦᠨᠳᠦ ᠠᠰᠠᠭᠤᠳᠠᠯ ᠢ ᠵᠠᠰᠠᠬᠤ᠂ ᠲᠣᠭᠲᠠᠭᠤᠨ ᠪᠠᠶᠢᠳᠠᠯ ᠢ ᠠᠬᠢᠭᠤᠯᠬᠤ︾ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠦᠷᠨᠢᠭᠦᠯᠦᠨ᠂ ︽ | ᠫᠦᠵᠢᠶᠠᠩ ᠤᠨ ᠲᠤᠷᠰᠢᠯᠭ᠎ᠠ︾ ᠶᠢ ᠰᠤᠷᠤᠯᠴᠠᠨ ᠦᠢᠯᠡᠳᠦᠯᠭᠡᠵᠢᠭᠦᠯᠵᠦ᠂ ︽ᠨᠠᠢᠮᠠᠨ ᠦᠭᠡᠢ︾ ᠰᠤᠮᠤ ᠪᠠᠯᠭᠠᠰᠤ᠂ ᠭᠠᠴᠠᠭ᠎ᠠ ᠲᠣᠰᠬᠤᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠨᠢᠭᠦᠯᠵᠦ᠂ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠵᠠᠬᠢᠳᠠᠯ ᠰᠣᠷᠪᠤᠯᠵᠢᠯᠠᠯ ᠤᠨ | ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠣᠯᠠᠨ | ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠠᠮᠠᠭᠠᠯᠠᠨ᠎ᠠ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠬᠤᠣᠷ ᠴᠠᠭᠠᠵᠠᠯᠠᠬᠤ ᠠᠷᠠᠳ ᠤᠨ ᠲᠠᠶᠢᠨ ᠢ ᠭᠦᠨᠵᠡᠭᠡᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠪᠠᠶᠢᠩᠭᠤᠵᠢᠭᠤᠯᠤᠨ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠠᠩᠬᠢᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ | ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ | ᠬᠤᠲᠠ ᠶᠢ ᠡᠭᠦᠳᠬᠦ ᠪᠠᠷ ᠴᠢᠷᠮᠠᠶᠢᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠦᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ | ᠪᠠᠶᠢᠭᠤᠯᠤᠨ᠎ᠠ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠤᠰᠤᠨ᠂ ᠨᠠᠮ ᠢᠶᠠᠨ ᠳᠠᠭᠠᠬᠤ︾ ᠣᠯᠠᠨ ᠲᠥᠮᠡᠨᠴᠢ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠵᠢᠷᠭᠤᠭᠠᠨ ᠪᠠᠳᠠᠭ ᠦᠬᠡ︾ ᠶᠢᠨ ᠪᠤᠳᠠᠳᠤ ᠶᠠᠪᠤᠳᠠᠯ ᠪᠠ ᠶᠤᠰᠤ ᠵᠦᠢ ᠶᠢ ᠢᠯᠡ ᠪᠥᠭᠡᠳ ᠪᠦᠲᠦᠮᠵᠢᠲᠡᠶ ᠰᠠᠶᠢᠲᠤᠷ | ᠶᠠᠷᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠢᠶᠠᠨ ᠡᠷᠡᠰ ᠳᠠᠭᠠᠵᠤ᠂ ᠰᠢᠨ᠎ᠡ ᠠᠶᠠᠨ ᠵᠠᠮ ᠳᠤ ᠡᠷᠡᠰ | ᠰᠢᠭᠤᠷᠬᠠᠶ ᠪᠠᠷ ᠡᠷᠡᠯᠬᠡᠭᠯᠡᠨ ᠤᠷᠤᠭᠰᠢᠯᠠᠭᠤᠯᠤᠨ᠎ᠠ᠃ | ᠲᠥᠯᠥᠭᠡᠯᠡᠭᠴᠢᠳ ᠡ᠂ ᠮᠢᠩᠭ᠎ᠠ ᠲᠦᠮᠡᠨ ᠶᠠᠪᠤᠳᠠᠯ ᠭᠡᠰᠡᠨ ᠦᠭᠡᠢ ᠡᠴᠦᠰ ᠤᠨ ᠡᠴᠦᠰ ᠲᠡᠭᠡᠨ ᠮᠥᠨᠴᠦ ᠲᠦᠭ ᠲᠦᠮᠡᠨ ᠠᠶᠢᠯ ᠡᠷᠤᠭᠡ ᠶᠢᠨ ᠶᠠᠪᠤᠳᠠᠯ ᠪᠣᠯᠬᠤ | ᠶᠤᠮ᠃ ᠡᠨᠡ ᠵᠢᠯ᠂ ᠬᠤᠰᠢᠭᠤᠨ ᠤ ᠵᠠᠰᠠᠭ ᠤᠨ ᠣᠷᠳᠣᠨ ᠠᠷᠠᠳ ᠤᠨ ᠠᠮᠢᠳᠤᠷᠠᠯ ᠳᠤ ᠬᠤᠯᠪᠤᠭᠳᠠᠬᠤ ᠪᠣᠳᠠᠲᠤ ᠶᠠᠪᠤᠳᠠᠯ ᠢ ᠥᠷᠭᠡᠨ ᠢᠶᠠᠷ ᠴᠤᠭᠯᠠᠭᠤᠯᠵᠤ᠂ | ᠭᠦᠢᠴᠡᠳ ᠨᠤᠲᠠᠯᠠᠯᠲᠠ ᠬᠢᠬᠦ ᠪᠠᠷ ᠳᠡᠮᠵᠢᠨ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 9.33 ᠳ᠋ᠦᠩᠰᠢᠭᠤᠷ ᠲᠥᠭᠦᠷᠢᠭ ᠪᠥᠬᠦᠢ ᠠᠷᠠᠳ ᠤᠨ ᠠᠮᠢᠳᠤᠷᠠᠯ ᠳᠤ | ᠬᠤᠯᠪᠤᠭᠳᠠᠬᠤ 10 ᠪᠣᠳᠠᠲᠤ ᠶᠠᠪᠤᠳᠠᠯ ᠢ ᠰᠤᠩᠭᠤᠨ ᠭᠠᠷᠭᠠᠵᠤ᠂ ᠶᠡᠭᠡ ᠬᠤᠷᠠᠯ ᠳᠤ ᠲᠡᠪᠰᠢᠭᠦᠯᠦᠨ ᠬᠢᠨᠠᠨ ᠵᠥᠪᠯᠡᠭᠦᠯᠬᠦ ᠶᠢᠨ ᠬᠠᠮᠲᠤ ᠪᠢᠯᠧᠲ ᠥᠭᠭᠦᠨ | ᠲᠣᠭᠲᠠᠭᠠᠨ᠎ᠠ᠃ ᠪᠢᠳᠡ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠪᠠᠷ ᠬᠢᠵᠦ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠪᠠᠷ ᠴᠢᠷᠮᠠᠶᠢᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠠᠷᠠᠳ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠵᠠᠰᠠᠭ ᠤᠨ ᠣᠷᠳᠣᠨ ᠤ ᠠᠵᠢᠯ ᠤᠨ ᠬᠠᠮᠤᠭ ᠤᠨ ᠳᠡᠭᠡᠳᠦ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠂ | ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ᠂ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠵᠠᠰᠠᠭ ᠶᠠᠪᠤᠭᠤᠯᠬᠤ ᠴᠢᠳᠠᠪᠤᠷᠢ ᠪᠠ | ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ | ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠨ᠂ ︽ᠬᠤᠶᠠᠷ ᠢ ᠲᠣᠭᠲᠠᠭᠠᠭᠰᠠᠨ︾ ᠢ | ᠡᠷᠡᠰ ᠬᠦᠷᠢᠶᠡᠯᠡᠵᠦ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ | ᠦᠵᠡᠯ ᠰᠤᠷᠲᠠᠯ ᠤᠨ ᠪᠠᠶᠢᠭᠤᠯᠤᠯᠲᠠ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠢᠮᠠᠭᠲᠠ ᠤᠯᠤᠰ ᠲᠥᠷᠥ ᠶᠢ | ᠡᠷᠬᠢᠮᠯᠡᠬᠦ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠬᠤᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠠᠰᠠᠭ ᠤᠨ | ᠵᠠᠷᠯᠢᠭ ᠢ ᠴᠢᠩᠭ᠎ᠠ ᠬᠡᠷᠡᠭᠵᠢᠭᠦᠯᠬᠦ᠂ ᠵᠠᠷᠯᠢᠭ ᠴᠠᠭᠠᠵᠠ ᠶᠢ ᠲᠠᠭᠠᠬᠤ ᠶᠢ ᠡᠷᠡᠰ ᠪᠡᠶᠡᠯᠡᠭᠦᠯᠦᠨ᠎ᠡ᠃ | ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠡᠷᠡᠰ | ᠲᠤᠭᠤᠰᠢᠯᠠᠭᠤᠯᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠬᠠᠤᠯᠢ ᠶᠣᠰᠣᠭᠠᠷ ᠠᠵᠢᠯ ᠶᠠᠪᠤᠳᠠᠯ ᠰᠢᠢᠳᠪᠦᠷᠢᠯᠡᠬᠦ᠂ | ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ | ᠲᠦᠰᠢᠭᠯᠡᠬᠦ ᠶᠢ ᠵᠠᠰᠠᠭ ᠤᠨ ᠠᠵᠢᠯ ᠤᠨ ᠢᠶᠠᠨ ᠬᠡᠪ ᠤᠨ ᠪᠠᠶᠢᠳᠠᠯ ᠪᠣᠯᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ | ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠵᠠᠰᠠᠭ ᠤᠨ ᠣᠷᠳᠣᠨ ᠤ ᠡᠯ᠎ᠡ ᠲᠥᠷᠦᠯ ᠤᠨ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠵᠠᠮᠨᠠᠭᠤᠯᠬᠤ ᠶᠢ ᠦᠨᠡᠨ ᠬᠦ ᠪᠠᠲᠤᠯᠠᠨ᠎ᠠ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠠᠰᠠᠭ ᠤᠨ ᠣᠷᠳᠣᠨ ᠢ ᠪᠠᠶᠢᠭᠤᠯᠤᠨ᠎ᠠ᠃ ︽ᠬᠡᠯᠡᠪᠡᠯ ᠦᠭᠡ᠂ ᠬᠢᠰᠭᠢᠪᠡᠯ ᠭᠠᠵᠠᠷ︾ ᠭᠡᠬᠦ ᠠᠵᠢᠯ ᠤᠨ | ᠣᠨᠣᠯᠵᠢᠬᠤᠨ ᠢ ᠶᠡᠭᠡ ᠪᠠᠷ ᠰᠠᠨᠠᠭᠠᠴᠢᠯᠠᠵᠤ᠂ ᠪᠣᠳᠠᠲᠠᠶ ᠠᠵᠢᠯ ᠬᠢᠵᠦ᠂ ᠪᠣᠳᠠᠲᠠᠶ ᠠᠷᠭ᠎ᠠ ᠶᠢ ᠰᠥᠪᠡᠭᠴᠢᠯᠡᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠥᠨᠳᠥᠷ | ᠦᠷ᠎ᠡ ᠪᠦᠲᠦᠮᠵᠢ ᠪᠠᠷ ᠥᠨᠳᠥᠷ ᠶᠠᠰᠤ ᠴᠢᠨᠠᠷ ᠢ ᠢᠯᠠᠵᠤ᠂ ᠲᠦᠷᠭᠡᠨ ᠠᠶᠢᠵᠠᠮ ᠢᠶᠠᠷ ᠲᠦᠷᠭᠡᠨ ᠬᠥᠭᠵᠢᠯᠲᠡ ᠶᠢ ᠣᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠵᠢᠴᠢ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠪᠡᠯᠡ ᠮᠥᠩᠭᠦ ᠲᠠᠲᠠᠬᠤ ᠪᠠ ᠲᠤᠰᠬᠠᠢ ᠲᠥᠷᠥᠯ ᠤᠨ ᠪᠡᠯᠡ | ᠮᠥᠩᠭᠦ ᠲᠤᠲᠠᠬᠤ ᠶᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠪᠡᠯᠡ ᠮᠥᠩᠭᠦ ᠲᠡᠮᠡᠴᠡᠨ ᠣᠯᠬᠤ | ᠢᠳᠡᠪᠬᠢᠵᠢᠯ ᠢ ᠬᠥᠭᠵᠢᠭᠡᠨ᠂ ᠪᠡᠯᠡ ᠮᠥᠩᠭᠦ ᠣᠯᠬᠤ ᠲᠤᠭ᠎ᠠ ᠬᠡᠮᠵᠢᠶ᠎ᠡ ᠶᠢ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ | ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠨᠠᠷᠢᠨ ᠬᠢᠨᠠᠮᠠᠭᠠᠢ | ᠦᠢᠯᠡᠳᠦᠯᠭᠡᠵᠢᠭᠦᠯᠵᠦ᠂ ᠠᠰᠠᠭᠤᠳᠠᠯ ᠳᠤ ᠴᠢᠭᠯᠡᠭᠦᠯᠦᠨ ᠦᠨᠳᠦᠰᠦᠨ ᠱᠠᠲᠤᠨ ᠳᠤ ᠬᠦᠷᠴᠦ᠂ ᠦᠢᠯᠡᠳᠦᠯᠭᠡ ᠳᠤ ᠴᠢᠭᠯᠡᠭᠦᠯᠦᠨ ᠠᠷᠭ᠎ᠠ ᠪᠣᠳᠤᠯᠭ᠎ᠠ ᠭᠠᠷᠭᠠᠵᠤ᠂ | ᠦᠨᠡᠨ ᠰᠠᠨᠠᠭᠠᠨ ᠠᠴᠠ ᠪᠠᠨ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ᠂ ᠠᠰᠠᠭᠤᠳᠠᠯ ᠢ ᠨᠢᠭᠡᠳᠦᠭᠡᠷ | ᠹᠷᠣᠨᠲ ᠲᠤ ᠰᠢᠢᠳᠪᠦᠷᠢᠯᠡᠬᠦ ᠶᠢ ᠠᠬᠢᠭᠤᠯᠤᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠡᠷᠡᠰ ᠨᠠᠶᠢᠳᠠᠪᠤᠷᠢᠵᠢᠭᠤᠯᠤᠨ᠂ ᠲᠥᠪ ᠬᠤᠷᠢᠶᠠᠨ ᠤ ᠨᠠᠢᠮᠠᠨ ᠵᠣᠷᠪᠤᠰ ᠲᠣᠭᠲᠠᠭᠠᠯ ᠢ ᠤᠷᠳᠤ ᠬᠤᠭᠤᠴᠠᠭ᠎ᠠ ᠪᠠᠷ ᠪᠠᠷᠢᠮᠲᠠᠯᠠᠨ ᠨᠠᠶᠢᠳᠠᠪᠤᠷᠢᠵᠢᠭᠤᠯᠵᠤ᠂ ᠠᠵᠢᠯ ᠤᠨ | ᠪᠦᠲᠦᠮᠵᠢ ᠶᠢᠨ ᠦᠵᠡᠯᠲᠡ᠂ ᠡᠷᠬᠡ ᠶᠢᠨ ᠦᠵᠡᠯᠲᠡ ᠪᠠ ᠠᠰᠢᠭ ᠲᠤᠰᠠ ᠶᠢᠨ ᠦᠵᠡᠯᠲᠡ ᠶᠢ ᠪᠠᠲᠤᠳᠬᠠᠨ᠂ ︽ᠲᠦᠷᠪᠡᠨ ᠰᠤᠷᠲᠠᠯ︾ ᠤᠨ ᠠᠰᠠᠭᠤᠳᠠᠯ ᠲᠠᠬᠢᠨ | ᠡᠭᠦᠰᠬᠦ ᠶᠢ ᠡᠷᠡᠰ ᠰᠡᠷᠭᠡᠶᠢᠯᠡᠨ᠎ᠡ᠃ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠦ᠂ ᠲᠣᠭᠤᠷᠢᠨ ᠪᠠᠶᠢᠴᠠᠭᠠᠭᠰᠠᠨ ᠦᠷ᠎ᠡ ᠳ᠋ᠦᠩ ᠢ | ᠦᠢᠯᠡᠳᠦᠯᠭᠡᠵᠢᠭᠦᠯᠦᠨ ᠬᠡᠷᠡᠭᠯᠡᠬᠦ ᠶᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠰᠠᠶᠢᠲᠤᠷ ᠠᠳᠬᠤᠨ᠎ᠠ᠃ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ | ᠴᠢᠩᠳᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ᠂ ᠬᠢᠨᠠᠨ ᠪᠣᠳᠤᠯᠲᠠ ᠶᠢᠨ ᠬᠢᠨᠠᠯᠲᠠ᠂ ᠲᠤᠭ᠎ᠠ ᠪᠦᠷᠢᠳᠭᠡᠯ ᠤᠨ ᠬᠢᠨᠠᠯᠲᠠ᠂ ᠵᠠᠰᠠᠭ ᠵᠠᠬᠢᠷᠭᠠᠨ ᠤ | ᠬᠢᠨᠠᠯᠲᠠ ᠶᠢ ᠴᠢᠩᠭᠠᠳᠬᠠᠨ᠎ᠠ᠃ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠰᠤᠷᠲᠠᠯ ᠢ ᠦᠷᠭᠦᠯᠵᠢᠯᠡᠨ | ᠪᠠᠳᠠᠷᠠᠭᠤᠯᠵᠤ᠂ ᠡᠳ᠋ ᠤᠨ ᠵᠠᠰᠠᠭ ᠤᠨ ᠵᠣᠭᠤᠰ ᠪᠣᠯ ᠠᠷᠠᠳ ᠲᠦᠮᠡᠨ ᠤ ᠵᠣᠭᠤᠰ ᠮᠥᠨ᠂ ᠨᠢᠭᠡ ᠮᠥᠩᠭᠦ ᠨᠢᠭᠡ ᠯᠠᠩ ᠢ ᠴᠦ ᠭᠡᠰᠡᠨ ᠳᠤᠷ᠎ᠠ ᠪᠠᠷ ᠢᠶᠠᠨ ᠬᠡᠷᠡᠭᠯᠡᠵᠦ | ᠪᠣᠯᠬᠤ ᠦᠭᠡᠢ ᠭᠡᠳᠡᠭ ᠢ ᠪᠠᠲᠤ ᠴᠡᠭᠡᠵᠢᠯᠡᠨ᠎ᠡ᠃ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠯᠠᠷᠠᠭᠤᠯᠵᠤ᠂ ᠠᠰᠢᠭ ᠲᠤᠰᠠ ᠶᠢ | ᠲᠦᠷᠭᠡᠨ ᠲᠠᠶᠠᠭᠳᠠᠵᠤ᠂ ᠰᠣᠬᠤᠷ ᠪᠠᠯᠠᠶ ᠪᠠᠷ ᠠᠰᠢᠭ ᠲᠤᠰᠠ ᠬᠥᠭᠡᠭᠡᠴᠡᠯᠳᠦᠬᠦ ᠦᠭᠡᠢ᠂ ︽ᠠᠵᠢᠯ ᠤᠨ ᠠᠮᠵᠢᠯᠲᠠ ᠪᠦᠲᠦᠮᠵᠢ ᠶᠢᠨ ᠢᠨᠵᠧᠨᠧᠷᠢᠩ︾᠂ ︽ᠨᠢᠭᠤᠷ | ᠲᠠᠯ᠎ᠠ ᠶᠢᠨ ᠢᠨᠵᠧᠨᠧᠷᠢᠩ︾ ᠢ ᠬᠢᠬᠦ ᠦᠭᠡᠢ᠂ ᠬᠢᠵᠠᠭᠠᠷ ᠲᠠᠢ ᠪᠡᠯᠡ ᠮᠥᠩᠭᠦ ᠶᠢ ᠬᠥᠭᠵᠢᠯᠲᠡ ᠪᠠ ᠠᠷᠠᠳ ᠣᠯᠠᠨ ᠤ ᠪᠡᠶ᠎ᠡ ᠳᠡᠭᠡᠷ᠎ᠡ ᠵᠠᠷᠤᠴᠠᠭᠤᠯᠤᠨ᠎ᠠ᠃ | ᠲᠥᠯᠥᠭᠡᠯᠡᠭᠴᠢᠳ ᠡ᠂ ᠵᠣᠯ ᠵᠢᠷᠭᠠᠯ ᠰᠢᠷᠭᠠᠭᠤ ᠲᠡᠮᠡᠴᠡᠯ ᠳᠤ ᠲᠦᠰᠢᠭᠯᠡᠨ᠎ᠡ᠂ ᠬᠠᠩᠭᠢᠨ ᠤ ᠬᠥᠭᠵᠢᠯᠲᠡ ᠪᠣᠳᠠᠲᠤ ᠦᠢᠯᠡᠳᠦᠯᠭᠡ ᠳᠤ ᠲᠦᠰᠢᠭᠯᠡᠨ᠎ᠡ︕ | ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ | ᠂ ᠬᠤᠳᠠ ᠶᠢᠨ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠬᠥᠪᠴᠢᠯᠡᠨ | ᠂ ᠬᠦᠰᠡᠯ ᠡᠷᠡᠮᠡᠯᠵᠡᠯ ᠵᠦᠭ ᠡᠷᠡᠯᠬᠡᠭᠯᠡᠨ ᠣᠷᠣᠭᠰᠢᠯᠠᠵᠤ᠂ ᠪᠠᠶᠠᠨ ᠬᠦᠴᠦᠷᠬᠡᠭ᠂ ᠭᠤᠶᠢᠳᠠ ᠰᠠᠶᠢᠬᠠᠨ ᠬᠠᠩᠭᠢᠨ ᠢ ᠪᠥᠲᠦᠭᠡᠨ ᠪᠠᠶᠢᠭᠤᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠩᠭᠢᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | | |