2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠱᠢᠭᠳᠡᠭᠰᠡᠨ ᠲᠥᠷᠦᠯ ᠵᠦᠢᠯ ᠤᠨ ᠲᠤᠬᠠᠢ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/2/28
     ᠨᠢᠭᠡ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ     2023 ᠣᠨ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠥᠬᠦ ᠲᠠᠯ᠎ᠠ ᠪᠠᠷ ᠴᠤᠭᠯᠠᠭᠤᠯᠬᠤ ᠪᠠ ᠭᠤᠤᠯᠳᠠᠯᠭ᠎ᠠ ᠲᠠᠢ ᠴᠤᠭᠯᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠲᠠᠯ᠎ᠠ ᠪᠠᠷ ᠰᠢᠯᠢᠨ ᠰᠤᠩᠭᠤᠵᠤ᠂ ᠣᠯᠠᠨ ᠤᠳᠠᠭ᠎ᠠ ᠨᠣᠲᠠᠯᠠᠯᠲᠠ ᠬᠢᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠨ 8 ᠲᠥᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠬᠦ ᠪᠠᠷ ᠲᠣᠭᠲᠠᠭᠠᠪᠠ᠃ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠳᠡᠮᠵᠢᠯᠭᠡ ᠳᠣᠤᠷ᠎ᠠ᠂ ᠡᠯ᠎ᠡ ᠬᠠᠷᠢᠭᠤᠴᠠᠯᠭᠠᠲᠤ ᠪᠠᠶᠢᠭᠤᠯᠭ᠎ᠠ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠣᠳᠣᠬᠠᠨ ᠪᠣᠯᠲᠠᠯ᠎ᠠ᠂ 8 ᠲᠥᠷᠦᠯ ᠤᠨ ᠠᠷᠠᠳ ᠤᠨ ᠠᠮᠢᠳᠤᠷᠠᠯ ᠤᠨ  ᠪᠣᠳᠠᠲᠤ ᠶᠠᠪᠤᠳᠠᠯ ᠤᠨ ᠲᠥᠷᠥᠯ ᠵᠦᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠪᠣᠳᠠᠲᠠᠶ ᠪᠡᠶᠡᠯᠡᠭᠦᠯᠦᠭᠰᠡᠨ ᠪᠠᠶᠢᠳᠠᠯ ᠨᠢ ᠳᠣᠤᠷᠠᠬᠢ ᠮᠡᠲᠦ᠄     ︵ᠨᠢᠭᠡ︶ ᠬᠠᠩᠭᠢᠨ ᠬᠤᠰᠢᠭᠤᠨ ᠤ ᠬᠤᠲᠠ ᠪᠠᠯᠭᠠᠰᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠷᠰᠢᠯᠲᠠ ᠤᠨ ᠲᠠᠰᠤᠭ᠂ ᠨᠣᠮ ᠤᠨ ᠰᠠᠩ ᠤᠨ ᠶᠡᠷᠦᠩᠬᠡᠶᠢᠯᠡᠭᠰᠡᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠃ ᠶᠡᠷᠦᠩᠬᠡᠢ ᠪᠡᠯᠡ ᠣᠷᠣᠭᠤᠯᠤᠯᠲᠠ ᠨᠢ 2612 ᠲᠦᠮᠡᠨ ᠲᠥᠭᠦᠷᠢᠭ ᠪᠠᠶᠢᠵᠤ᠂ ᠣᠳᠣᠬᠠᠨ ᠳᠤ᠂ ᠭᠤᠤᠯ ᠴᠣᠭᠴᠠ ᠶᠢᠨ ᠪᠠᠷᠢᠯᠭ᠎ᠠ ᠵᠢᠴᠢ ᠬᠡᠷ ᠳᠣᠲᠣᠷᠠᠬᠢ ᠶᠢ ᠵᠠᠰᠠᠵᠤ ᠴᠢᠮᠡᠬᠦ ᠠᠵᠢᠯ ᠢ ᠨᠢᠭᠡᠨᠲᠡ ᠳᠠᠭᠤᠰᠬᠠᠭᠰᠠᠨ ᠪᠥᠭᠡᠳ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ 2024 ᠣᠨ ᠤ ᠰᠤᠷᠭᠠᠭᠤᠯᠢ ᠡᠬᠢᠯᠡᠬᠦ ᠳᠤ ᠠᠰᠢᠭᠯᠠᠯᠲᠠ ᠳᠤ ᠤᠷᠤᠭᠤᠯᠤᠨ᠎ᠠ᠃         ︵ᠬᠤᠶᠠᠷ︶ ᠬᠠᠩᠭᠢᠨ ᠬᠤᠰᠢᠭᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ᠶᠢᠨ ᠲᠥᠷᠥᠯ ᠵᠦᠢᠯ᠃ ᠶᠡᠷᠦᠩᠬᠡᠢ ᠪᠡᠯᠡ ᠣᠷᠣᠭᠤᠯᠤᠯᠲᠠ ᠨᠢ 460 ᠲᠦᠮᠡᠨ ᠲᠥᠭᠦᠷᠢᠭ ᠪᠠᠶᠢᠵᠤ᠂ 3 ᠲᠦᠷᠭᠡᠨ ᠴᠠᠬᠢᠯᠭᠠᠨ ᠴᠡᠨᠡᠭᠯᠡᠬᠦ ᠥᠷᠲᠡᠭᠡ ᠳᠤ ᠨᠡᠶᠢᠲᠡ 30 ᠴᠠᠬᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠬᠤ ᠶᠢᠨ ᠬᠠᠮᠲᠤ 14 ᠰᠠᠭᠤᠭᠠᠯᠢ ᠲᠣᠭᠤᠷᠢᠭ ᠲᠤ 91 ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠵᠤ᠂ 2023 ᠣᠨ ᠤ 9 ᠰᠠᠷ᠎ᠠ ᠳᠤ ᠠᠰᠢᠭᠯᠠᠯᠲᠠ ᠳᠤ ᠣᠷᠣᠭᠤᠯᠪᠠ᠃       ︵ᠭᠤᠷᠪᠠ︶ 20 ᠲᠦᠮᠡᠨ ᠮᠦ ᠨᠤᠲᠤᠭ ᠪᠡᠯᠴᠢᠭᠡᠷ ᠢ ᠰᠠᠶᠢᠵᠢᠷᠠᠭᠤᠯᠬᠤ ᠡᠭᠦᠷᠭᠡ ᠃  ᠶᠡᠷᠦᠩᠬᠡᠢ ᠪᠡᠯᠡ ᠣᠷᠤᠭᠤᠯᠤᠯᠲᠠ ᠨᠢ 9341 ᠲᠦᠮᠡᠨ ᠲᠥᠭᠦᠷᠢᠭ ᠪᠠᠶᠢᠵᠤ᠂ ᠨᠤᠲᠤᠭ ᠪᠡᠯᠴᠢᠭᠡᠷ ᠢ ᠰᠠᠶᠢᠵᠢᠷᠠᠭᠤᠯᠬᠤ ᠡᠭᠦᠷᠭᠡ ᠪᠠᠨ 25.87 ᠲᠦᠮᠡᠨ ᠮᠦ ᠪᠡᠶᠡᠯᠡᠭᠦᠯᠵᠦ᠂ ᠲᠥᠯᠥᠪᠯᠡᠭᠡ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ ᠃       ︵ᠲᠦᠷᠪᠡ︶ ᠬᠠᠩᠭᠢᠨ ᠬᠤᠰᠢᠭᠤᠨ ᠤ 2023 ᠣᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠵᠢᠴᠢ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ᠃ ᠶᠡᠷᠦᠩᠬᠡᠢ ᠪᠡᠯᠡ ᠣᠷᠤᠭᠤᠯᠤᠯᠲᠠ ᠨᠢ 1286 ᠲᠦᠮᠡᠨ ᠲᠥᠭᠦᠷᠢᠭ ᠪᠠᠶᠢᠵᠤ᠂ 6 ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠳᠥᠬᠦᠭᠡᠷᠦᠮᠵᠢ ᠪᠦᠷᠢᠨ ᠪᠣᠰᠤ  ᠵᠡᠷᠭᠡ ᠲᠡᠤᠬᠡᠨ ᠦᠯᠡᠳᠡᠭᠳᠡᠯ ᠠᠰᠠᠭᠤᠳᠠᠯ ᠢ ᠲᠣᠬᠢᠲᠠᠢ ᠰᠢᠢᠳᠪᠦᠷᠢᠯᠡᠪᠡ᠃         ︵ᠲᠠᠪᠤ︶ ᠪᠦᠬᠦ ᠬᠤᠰᠢᠭᠤᠨ  ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠭᠡᠯ ᠬᠤᠷᠢᠶᠠᠬᠤ ᠥᠬᠡᠢ ᠪᠠᠷ ᠪᠡᠶ᠎ᠡ ᠶᠢᠨ ᠪᠠᠢᠴᠠᠭᠠᠯᠲᠠ ᠬᠢᠬᠦ ᠲᠥᠷᠥᠯ ᠵᠦᠢᠯ᠃ ᠨᠡᠶᠢᠲᠡ 240 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠥᠬᠦ ᠬᠤᠰᠢᠭᠤᠨ ᠤ 18126 ᠨᠡᠷ᠎ᠡ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠥᠬᠡᠶ ᠪᠡᠶ᠎ᠡ ᠶᠢᠨ ᠪᠠᠶᠢᠴᠠᠭᠠᠯᠲᠠ ᠬᠢᠬᠦ ᠶᠢᠨ ᠬᠠᠮᠲᠤ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠪᠠ᠃     ︵ᠵᠢᠷᠭᠤᠭ᠎ᠠ︶ ᠭᠡᠷ ᠳᠤᠲᠤᠷᠠᠬᠢ ᠨᠠᠰᠤᠲᠠᠶᠢᠴᠤᠳ ᠤᠨ ᠡᠭᠦᠳᠡᠨ ᠪᠥᠮᠪᠦᠭᠡ ᠶᠢᠨ ᠣᠷᠳᠣᠨ ᠪᠠᠶᠢᠭᠤᠯᠬᠤ ᠲᠥᠷᠥᠯ ᠵᠦᠢᠯ᠃ ᠨᠡᠶᠢᠲᠡ 686 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠥᠮᠪᠥᠭᠡᠨ ᠣᠷᠳᠣᠨ ᠤ ᠭᠤᠤᠯ ᠴᠣᠭᠴᠠ ᠶᠢᠨ ᠪᠠᠷᠢᠯᠭ᠎ᠠ ᠪᠠ ᠬᠡᠷ ᠳᠣᠲᠣᠷᠠᠬᠢ ᠶᠢ ᠵᠠᠰᠠᠵᠤ ᠴᠢᠮᠡᠬᠦ ᠶᠢ ᠪᠦᠬᠦᠨ ᠢ ᠳᠠᠭᠤᠰᠬᠠᠵᠤ᠂ 2023 ᠣᠨ ᠤ 11 ᠰᠠᠷ᠎ᠠ ᠳᠤ ᠠᠰᠢᠭᠯᠠᠯᠲᠠ ᠳᠤ ᠣᠷᠤᠪᠠ᠃         ︵ᠳᠤᠯᠤᠭ᠎ᠠ︶ ᠬᠠᠩᠭᠢᠨ ᠬᠤᠰᠢᠭᠤᠨ ᠤ ᠰᠢᠨᠡᠪᠠᠯᠭᠠᠰᠤᠨ ᠤ ᠰᠠᠭᠤᠭᠠᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ᠃ ᠶᠡᠷᠦᠩᠬᠡᠢ ᠪᠡᠯᠡ ᠣᠷᠣᠭᠤᠯᠤᠯᠲᠠ ᠨᠢ 5800 ᠲᠦᠮᠡᠨ ᠲᠥᠭᠦᠷᠢᠭ ᠪᠠᠶᠢᠵᠤ᠂ ᠰᠢᠨᠡᠪᠠᠯᠭᠠᠰᠤᠨ ᠤ 34 ᠰᠠᠭᠤᠭᠠᠯᠢ ᠲᠣᠭᠤᠷᠢᠭ ᠤᠨ ᠠᠰᠠᠷ ᠤᠨ ᠣᠷᠣᠢ  ᠶᠢ ᠪᠠᠬᠢᠯᠡᠬᠦ ᠢᠨᠵᠧᠨᠧᠷᠢᠩ ᠪᠣᠯᠤᠨ 22 ᠰᠠᠭᠤᠭᠠᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠤᠳᠤ ᠨᠢᠭᠡᠨᠲᠡ ᠪᠦᠬᠦᠨ ᠢ ᠳᠠᠭᠤᠰᠬᠠᠪᠠ᠃     ︵ᠨᠠᠢᠮᠠ︶ ᠬᠠᠩᠭᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠦᠨᠲᠦ ᠰᠢᠷᠬᠠᠳᠠᠨ ᠢ ᠡᠮᠨᠡᠨ ᠵᠠᠰᠠᠬᠤ ᠲᠥᠪ᠂ ᠰᠠ ᠡᠪᠡᠳᠴᠢᠨ᠂ ᠵᠢᠷᠦᠬᠡᠨ ᠡᠪᠡᠳᠴᠢᠨ ᠢ ᠡᠮᠨᠡᠨ ᠵᠠᠰᠠᠬᠤ ᠲᠥᠪ ᠪᠠ ᠪᠡᠶ᠎ᠡ ᠶᠢᠨ ᠪᠠᠶᠢᠴᠠᠭᠠᠯᠲᠠ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 1104 ᠲᠦᠮᠡᠨ ᠲᠥᠭᠦᠷᠢᠭ ᠪᠠᠶᠢᠵᠤ᠂ ᠤᠤᠯ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠠᠰᠠᠷ ᠢ ᠬᠦᠨᠲᠦ ᠰᠢᠷᠬᠠᠳᠠᠨ ᠢ ᠲᠦᠷᠭᠡᠨ ᠠᠪᠤᠷᠠᠬᠤ ᠲᠥᠪ᠂ ᠰᠠ ᠡᠪᠡᠳᠴᠢᠨ ᠂ ᠵᠢᠷᠦᠬᠡᠨ ᠡᠪᠡᠳᠴᠢᠨ ᠢ ᠡᠮᠨᠡᠨ ᠵᠠᠰᠠᠬᠤ ᠪᠠ ᠪᠡᠶ᠎ᠡ ᠶᠢᠨ ᠪᠠᠶᠢᠴᠠᠭᠠᠯᠲᠠ ᠶᠢᠨ ᠲᠥᠪ ᠪᠣᠯᠭᠠᠨ ᠥᠭᠡᠷᠡᠴᠢᠯᠡᠨ ᠪᠠᠶᠢᠭᠤᠯᠵᠤ᠂ ᠣᠳᠣ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢ ᠨᠢᠭᠡᠨᠲᠡ ᠪᠦᠬᠦᠨ ᠢ ᠳᠠᠭᠤᠰᠬᠠᠪᠠ᠃     ᠬᠤᠶᠠᠷ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠱᠢᠭᠳᠡᠭᠰᠡᠨ ᠲᠥᠷᠦᠯ ᠵᠦᠢᠯ      ︵ᠨᠢᠭᠡ︶ ᠲᠥᠷᠥᠯ ᠵᠦᠶᠯ ᠢ ᠴᠤᠭᠯᠠᠭᠤᠯᠤᠭᠰᠠᠨ ᠪᠠᠶᠢᠳᠠᠯ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠠᠷᠠᠳ ᠤᠨ ᠲᠥᠯᠥᠭᠡᠯᠡᠭᠴᠢᠳ ᠪᠢᠯᠧᠲ ᠥᠭᠴᠦ ᠲᠣᠭᠲᠠᠭᠠᠬᠤ ᠲᠦᠷᠢᠮ ᠤᠨ ᠱᠠᠭᠠᠷᠳᠠᠯᠭ᠎ᠠ ᠶᠣᠰᠣᠭᠠᠷ᠂ ᠬᠤᠰᠢᠭᠤ ᠠᠷᠠᠳ ᠤᠨ ᠵᠠᠰᠠᠭ ᠤᠨ ᠣᠷᠳᠣᠨ ᠠᠷᠠᠳ ᠤᠨ ᠠᠮᠢᠳᠤᠷᠠᠯ  ᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠴᠢᠬᠤᠯᠠ ᠡᠭᠦᠷᠭᠡ ᠪᠠᠨ ᠪᠣᠯᠭᠠᠵᠤ᠂ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠡᠮᠬᠢᠳᠬᠡᠨ ᠴᠤᠭᠯᠠᠭᠤᠯᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠪᠡ᠃ ᠨᠢᠭᠡ ᠳᠤ ᠲᠥᠷᠥᠯ ᠵᠦᠶᠯ ᠢ ᠪᠥᠬᠦ ᠲᠠᠯ᠎ᠠ ᠪᠠᠷ ᠴᠤᠭᠯᠠᠭᠤᠯᠪᠠ᠃᠂ 2023 ᠣᠨ ᠤ 12 ᠰᠠᠷ᠎ᠠ ᠶᠢᠨ 10 ᠤ ᠡᠳᠦᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠴᠤᠭᠯᠠᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ︽ᠬᠠᠩᠭᠢᠨ ᠨᠡᠶᠢᠳᠡᠯᠡᠯ︾ ᠲᠠᠪᠴᠠᠩ ᠢᠶᠠᠷ ᠳᠠᠮᠵᠢᠭᠤᠯᠤᠨ ᠴᠤᠭᠯᠠᠭᠤᠯᠬᠤ᠂ ᠰᠤᠮᠤ ᠪᠠᠯᠭᠠᠰᠤ ᠪᠠ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠴᠠᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠣᠯᠠᠨ ᠲᠦᠮᠡᠨ ᠤ ᠰᠠᠨᠠᠯ ᠢ ᠭᠦᠢᠴᠡᠳ ᠬᠤᠷᠢᠶᠠᠭᠰᠠᠨ ᠤ ᠰᠠᠭᠤᠷᠢᠨ ᠳᠡᠭᠡᠷ᠎ᠡ᠂ ᠨᠡᠶᠢᠲᠡ 28 ᠪᠡᠯᠡᠳᠬᠡᠯ ᠲᠥᠷᠥᠯ ᠵᠦᠢᠯ ᠢ ᠴᠤᠭᠯᠠᠭᠤᠯᠪᠠ᠃ ᠬᠤᠶᠠᠷ ᠲᠤ ᠨᠠᠷᠢᠨ ᠨᠢᠮᠪᠠᠶ ᠰᠢᠯᠢᠨ ᠰᠣᠩᠭᠤᠵᠤ ᠨᠣᠲᠠᠯᠠᠪᠠ᠃ ︽ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠵᠤ᠂ ᠨᠡᠶᠢᠲᠡ ᠶᠢᠨ ᠠᠰᠠᠷᠠᠮᠵᠢ ᠶᠢ ᠬᠠᠮᠲᠤᠪᠠᠷ ᠡᠳ᠋ᠯᠡᠨ᠂ ᠴᠢᠳᠠᠯ ᠤᠨ ᠬᠢᠷᠢ ᠪᠠᠷ ᠢᠶᠠᠨ ᠬᠡᠷᠡᠭᠵᠢᠭᠦᠯᠬᠦ︾ ᠵᠠᠷᠴᠢᠮ ᠶᠣᠰᠣᠭᠠᠷ᠂ ᠴᠤᠭᠯᠠᠭᠤᠯᠤᠭᠰᠠᠨ 28 ᠲᠥᠷᠥᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠡᠮᠬᠢᠳᠬᠡᠨ ᠬᠤᠷᠢᠶᠠᠩᠭᠤᠶᠢᠯᠠᠵᠤ᠂ ᠰᠢᠯᠢᠨ ᠰᠣᠩᠭᠤᠭᠰᠠᠨ ᠤ ᠳᠠᠷᠠᠭ᠎ᠠ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠥᠷᠥᠯ ᠵᠦᠶᠯ ᠤᠨ ᠪᠣᠯᠤᠮᠵᠢᠲᠤ ᠴᠢᠨᠠᠷ ᠲᠤ ᠨᠤᠲᠠᠯᠠᠯᠲᠠ ᠬᠢᠬᠦ ᠶᠢᠨ ᠬᠠᠮᠲᠤ᠂ ᠠᠩᠬ᠎ᠠ ᠠᠯᠬᠤᠮ ᠤᠨ ᠲᠦᠰᠦᠯ ᠢ ᠪᠦᠷᠢᠯᠳᠦᠭᠦᠯᠦᠨ᠂ ᠤᠷᠢᠳ ᠬᠤᠵᠢᠳ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠬᠢᠨᠠᠨ ᠵᠥᠪᠯᠡᠭᠰᠡᠨ ᠤ ᠳᠠᠷᠠᠭ᠎ᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠱᠢᠭᠳᠡᠭᠰᠡᠨ 10 ᠲᠥᠷᠦᠯ ᠵᠦᠢᠯ ᠢ ᠰᠤᠩᠭᠤᠨ ᠭᠠᠷᠭᠠᠪᠠ᠃     ︵ᠬᠤᠶᠠᠷ︶ ᠲᠥᠷᠥᠯ ᠵᠦᠶᠯ ᠤᠨ ᠭᠤᠤᠯ ᠣᠨᠴᠠᠯᠢᠭ᠃ ᠨᠢᠭᠡ ᠳᠤ᠂ ᠣᠯᠠᠨ ᠲᠦᠮᠡᠨ ᠤ ᠠᠩᠬᠠᠷᠤᠯ ᠳᠤ ᠲᠥᠪᠯᠡᠷᠡᠭᠦᠯᠪᠡ᠃ ᠠᠷᠠᠳ ᠣᠯᠠᠨ ᠤ ᠬᠠᠮᠤᠭ  ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠠᠴᠠ ᠡᠭᠦᠰᠬᠦ ᠶᠢ ᠪᠠᠷᠢᠮᠲᠠᠯᠠᠨ᠂ ᠡᠮᠬᠢᠳᠬᠡᠨ ᠴᠤᠭᠯᠠᠭᠤᠯᠵᠤ ᠰᠤᠳᠤᠯᠤᠨ ᠮᠠᠭᠠᠳᠯᠠᠬᠤ ᠶᠠᠪᠤᠴᠠ ᠳᠤ ᠠᠷᠠᠳ ᠤᠨ ᠪᠠᠶᠢᠳᠠᠯ ᠢ ᠭᠦᠶᠴᠡᠳ ᠬᠦᠨᠳᠦᠳᠬᠡᠵᠦ᠂ ᠠᠷᠠᠳ ᠣᠯᠠᠨ ᠤ ᠰᠠᠨᠠᠭ᠎ᠠ ᠳᠤ ᠲᠤᠰᠬᠠᠨ᠂ ᠲᠦᠭᠡᠮᠡᠯ ᠬᠠᠷᠠᠭᠠᠯᠵᠠᠯ  ᠤᠨ ᠴᠢᠨᠠᠷ ᠢᠶᠠᠷ ᠴᠢᠩᠭ᠎ᠠ᠂ ᠠᠰᠢᠭ ᠭᠥᠷᠳᠡᠬᠦ ᠬᠡᠪᠴᠢᠶ᠎ᠡ ᠪᠠᠷ ᠥᠷᠭᠡᠨ᠃ ᠬᠤᠶᠠᠷ ᠲᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠲᠤ ᠠᠩᠬᠠᠷᠤᠯ ᠢᠶᠠᠨ ᠲᠥᠪᠯᠡᠷᠡᠭᠦᠯᠪᠡ᠃ ᠬᠤᠰᠢᠭᠤᠨ ᠤ ᠡᠳ᠋ ᠤᠨ ᠵᠠᠰᠠᠭ ᠪᠠᠴᠢᠮ ᠪᠠᠶᠢᠳᠠᠯ ᠳᠣᠤᠷ᠎ᠠ᠂ ᠲᠤᠬᠠᠶ ᠶᠢᠨ ᠵᠢᠯ ᠳᠤ ᠠᠵᠢᠯ ᠢᠶᠠᠨ ᠳᠠᠭᠤᠰᠬᠠᠨ᠂ ᠲᠤᠬᠠᠶ ᠶᠢᠨ ᠵᠢᠯ ᠳᠤ ᠠᠰᠢᠭ ᠭᠥᠷᠳᠡᠬᠦ ᠲᠥᠷᠥᠯ ᠵᠦᠢᠯ ᠢ ᠤᠷᠢᠳᠠᠪᠠᠷ ᠲᠣᠬᠢᠷᠠᠭᠤᠯᠵᠤ᠂ ᠬᠢᠵᠠᠭᠠᠷ ᠲᠠᠢ ᠡᠳ᠋ ᠤᠨ ᠬᠦᠴᠦᠨ ᠢ ᠲᠥᠪᠯᠡᠷᠡᠭᠦᠯᠦᠨ ᠣᠯᠠᠨ ᠲᠦᠮᠡᠨ ᠤ ᠲᠤᠯᠭᠠᠮ᠎ᠠ ᠬᠡᠷᠡᠭᠴᠡᠭᠡ ᠪᠥᠬᠦᠶ ᠲᠥᠷᠥᠯ ᠵᠦᠢᠯ ᠢ ᠬᠡᠷᠡᠭᠵᠢᠭᠦᠯᠵᠦ᠂ ᠣᠯᠠᠨ ᠲᠦᠮᠡᠨ ᠳᠤ ᠴᠢᠩᠭ᠎ᠠ ᠬᠦᠴᠦᠲᠡᠶ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠣᠯᠭᠤᠭᠰᠠᠨ ᠪᠠᠶᠢᠨ᠎ᠠ᠃     ︵ᠭᠤᠷᠪᠠ︶ ᠲᠥᠷᠥᠯ ᠵᠦᠶᠯ ᠤᠨ ᠦᠨᠳᠦᠰᠦᠨ ᠪᠠᠶᠢᠳᠠᠯ᠃ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠱᠢᠭᠳᠡᠭᠰᠡᠨ 10 ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠶᠢ ᠪᠠᠭᠴᠠᠯᠠᠨ ᠪᠣᠳᠤᠪᠠᠯ 9.33 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ ᠪᠣᠳᠠᠲᠠᠢ ᠪᠠᠷ ᠳᠣᠣᠷᠠᠬᠢ ᠮᠡᠲᠦ᠄          1. ᠬᠠᠩᠭᠢᠨ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ︽ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ︾ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠃ ᠶᠡᠷᠦᠩᠬᠡᠶ ᠪᠡᠯᠡ ᠣᠷᠣᠭᠤᠯᠤᠯᠲᠠ‌ᠨᠢ 4920 ᠲᠦᠮᠡᠨ ᠲᠥᠭᠦᠷᠢᠭ᠂ ᠡᠭᠦᠨ ᠳᠤ ᠳᠡᠭᠡᠳᠦ ᠱᠠᠲᠤᠨ ᠤ ᠲᠤᠰᠬᠠᠶ ᠲᠥᠷᠦᠯ ᠤᠨ ᠪᠡᠯᠡ ᠮᠥᠩᠭᠦ ᠶᠢ 3936 ᠲᠦᠮᠡᠨ ᠲᠥᠭᠦᠷᠢᠭ ᠣᠯᠵᠤ᠂ ᠬᠤᠰᠢᠭᠤᠨ ᠤ ᠡᠳ᠋ ᠤᠨ ᠵᠠᠰᠠᠭ ᠠᠴᠠ 984 ᠲᠦᠮᠡᠨ ᠲᠥᠭᠦᠷᠢᠭ ᠨᠥᠬᠦᠪᠦᠷᠢᠯᠡᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ︽ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ︾ ᠶᠡᠷᠦᠩᠬᠡᠶᠢᠯᠡᠭᠰᠡᠨ ᠠᠰᠠᠷ ᠵᠢᠴᠢ ᠢᠵᠢ ᠪᠦᠷᠢᠳᠦᠭᠦᠯᠬᠦ ᠳᠠᠭᠠᠯᠲᠠ ᠪᠠᠷᠢᠯᠭ᠎ᠠ ᠪᠠᠭᠲᠠᠨ᠎ᠠ᠃ ᠳᠦᠷᠦᠯ ᠵᠦᠢᠯ ᠢ ᠬᠡᠷᠡᠭᠵᠢᠭᠦᠯᠬᠦ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠲᠤᠲᠠᠭᠳᠠᠯ ᠪᠠ ᠪᠠᠭᠤᠷᠠᠶ ᠲᠠᠯ᠎ᠠ ᠶᠢ ᠪᠦᠲᠦᠮᠵᠢᠲᠡᠶ ᠨᠥᠬᠦᠪᠦᠷᠢᠯᠡᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠶᠡᠭᠡ ᠪᠠᠷ ᠬᠠᠩᠭᠠᠵᠤ᠂ ᠰᠠᠭᠤᠭᠠᠯᠢ ᠠᠷᠠᠳ ᠤᠨ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      2. ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠲᠥᠷᠥᠯ ᠵᠦᠢᠯ᠃ ᠶᠡᠷᠦᠩᠬᠡᠶ ᠪᠡᠯᠡ ᠣᠷᠣᠭᠤᠯᠤᠯᠲᠠ ᠨᠢ 200 ᠲᠦᠮᠡᠨ ᠲᠥᠭᠦᠷᠢᠭ ᠪᠠᠶᠢᠵᠤ᠂ ᠪᠥᠬᠦᠨ ᠢ ᠬᠤᠰᠢᠭᠤᠨ ᠤ ᠡᠳ᠋ ᠤᠨ ᠵᠠᠰᠠᠭ ᠠᠴᠠ ᠨᠥᠬᠦᠪᠦᠷᠢᠯᠡᠨ᠎ᠡ᠃ ᠲᠣᠰ ᠲᠥᠷᠥᠯ ᠵᠦᠢᠯ ᠨᠢ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ᠂ ᠣᠨᠣᠪᠴᠢᠲᠠᠶ ᠡᠵᠡᠮᠰᠢᠬᠦ ᠶᠢᠨ ᠬᠠᠮᠲᠤ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠪᠠᠶᠢᠭᠤᠯᠤᠨ᠂ ᠮᠠᠷᠢᠶᠠᠯᠠᠬᠤ᠂ ᠣᠶᠢᠷ᠎ᠠ ᠬᠠᠷᠠᠭ᠎ᠠ᠂ ᠰᠡᠳᠬᠢᠴᠡ ᠶᠢᠨ ᠠᠵᠢᠯᠯᠠᠭ᠎ᠠ ᠶᠢᠨ ᠪᠤᠶᠢᠵᠢᠯᠲᠠ ᠶᠢᠨ ᠵᠥᠷᠢᠶ᠎ᠡ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠰᠤᠷᠤᠭᠴᠢᠳ ᠢ ᠰᠠᠶᠢᠨ ᠰᠠᠶᠢᠬᠠᠨ ᠪᠡᠶ᠎ᠡ ᠮᠠᠬᠠᠪᠣᠳ ᠪᠠ ᠰᠡᠳᠬᠢᠴᠡ ᠶᠢ ᠪᠥᠬᠦ ᠲᠠᠯ᠎ᠠ ᠪᠠᠷ ᠬᠥᠭᠵᠢᠭᠦᠯᠦᠨ ᠪᠤᠶᠢᠵᠢᠭᠤᠯᠤᠨ᠎ᠠ᠃        3. ᠰᠦᠢᠳᠬᠡᠯ ᠬᠤᠷᠢᠶᠠᠬᠤ ᠦᠭᠡᠶ ᠣᠯᠠᠨ ᠨᠡᠶᠢᠲᠡ ᠶᠢᠨ ᠮᠠᠰᠢᠨ ᠢ ᠠᠰᠢᠭᠯᠠᠯᠲᠠ ᠳᠤ ᠤᠷᠤᠭᠤᠯᠬᠤ ᠲᠥᠷᠥᠯ ᠵᠦᠢᠯ᠃ ᠶᠡᠷᠦᠩᠬᠡᠶ ᠪᠡᠯᠡ ᠣᠷᠣᠭᠤᠯᠤᠯᠲᠠ ᠨᠢ 260 ᠲᠦᠮᠡᠨ ᠲᠥᠭᠦᠷᠢᠭ ᠪᠠᠶᠢᠵᠤ᠂ ᠬᠤᠰᠢᠭᠤᠨ ᠤ ᠡᠳ᠋ ᠤᠨ ᠵᠠᠰᠠᠭ ᠠᠴᠠ ᠨᠥᠬᠦᠪᠦᠷᠢᠯᠡᠨ᠎ᠡ᠃ 5 ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠨᠡᠮᠡᠵᠦ᠂ ᠪᠦᠬᠦ ᠰᠠᠭᠤᠭᠠᠯᠢ ᠠᠷᠠᠳ ᠠᠴᠠ ᠰᠦᠢᠳᠬᠡᠯ ᠬᠤᠷᠢᠶᠠᠬᠤ ᠦᠭᠡᠢ᠃ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠬᠦᠮ ᠦᠵᠡᠭᠦᠯᠵᠦ᠂ ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠤᠯᠬᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠵᠠᠷᠤᠳᠠᠯ ᠢ ᠪᠠᠭᠤᠷᠠᠭᠤᠯᠬᠤ᠂ ᠬᠤᠲᠠ ᠶᠢᠨ ᠴᠢᠨᠠᠷ ᠴᠢᠨᠰᠠᠭ᠎ᠠ ᠪᠠ ᠳᠦᠷᠢ ᠳᠦᠷᠬᠦ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃         4. ᠭᠤᠷᠪᠠᠨ ᠱᠠᠲᠤᠨ ᠤ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢᠨ ᠳᠥᠷᠦᠯ ᠵᠦᠢᠯ᠃ ᠶᠡᠷᠦᠩᠬᠡᠢ ᠪᠡᠯᠡ ᠣᠷᠣᠭᠤᠯᠣᠯᠲᠠ ᠨᠢ 950 ᠲᠦᠮᠡᠨ ᠲᠦᠭᠦᠷᠢᠭ᠂ ᠡᠭᠦᠨ ᠳᠤ ᠲᠡᠭᠡᠲᠦ ᠱᠠᠲᠣᠨ ᠤ ᠲᠣᠰᠬᠠᠢ ᠲᠦᠷᠦᠯ ᠤᠨ ᠪᠡᠯᠡ ᠮᠦᠩᠭᠦ 658 ᠲᠦᠮᠡᠨ ᠲᠦᠭᠦᠷᠢᠭ᠂ ᠬᠤᠰᠢᠭᠤᠨ ᠤ ᠡᠳ᠋ ᠤᠨ ᠵᠠᠰᠠᠭ ᠤᠨ ᠪᠡᠯᠡ ᠮᠦᠩᠭᠦ 292 ᠲᠦᠮᠡᠨ ᠲᠦᠭᠦᠷᠢᠭ᠃ ᠣᠲᠣ ᠶᠢᠨ ᠪᠠᠶᠢᠭ᠎ᠠ 10 ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠰᠠᠭᠤᠷᠢᠨ ᠳᠡᠭᠡᠷ᠎ᠡ᠂ ᠰᠢᠨᠡᠪᠠᠯᠭᠠᠰᠤ ᠶᠢᠨ ᠪᠠᠶ ᠯᠢᠩ ᠨᠡᠶᠢᠭᠡᠮ ᠲᠣᠭᠤᠷᠢᠭ᠂ ᠢᠦᠢ ᠼᠠᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ ᠢ ᠰᠢᠨ᠎ᠡ ᠪᠠᠷ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠨᠡᠶᠢᠳᠡᠮ ᠪᠠᠶᠢᠭᠤᠯᠬᠤ ᠶᠢ ᠪᠡᠶᠡᠯᠡᠭᠦᠯᠦᠨ᠎ᠡ᠃ 10 ᠥᠨᠳᠥᠷ ᠪᠠᠷᠢᠮᠵᠢᠶᠠᠲᠤ ᠭᠠᠴᠠᠭ᠎ᠠ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠲᠣᠰ ᠲᠥᠷᠥᠯ ᠨᠢ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠰ ᠲᠤ ᠨᠡᠩ ᠰᠠᠶᠢᠨ ᠪᠠᠲᠤᠯᠠᠭ᠎ᠠ ᠬᠠᠩᠭᠠᠨ᠎ᠠ᠃     5. ᠰᠢᠨᠡᠪᠠᠯᠭᠠᠰᠤᠨ ᠤ ᠪᠤᠬᠠᠳᠠᠢ ᠵᠡᠷᠭᠡ ᠨᠠᠶᠢᠮᠠᠨ ᠭᠠᠴᠠᠭ᠎ᠠ ᠲᠣᠰᠬᠤᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠲᠥᠷᠥᠯ ᠵᠦᠢᠯ᠃ ᠶᠡᠷᠦᠩᠬᠡᠢ ᠪᠡᠯᠡ ᠣᠷᠤᠭᠤᠯᠤᠯᠲᠠ ᠨᠢ 2801 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠶᠢᠨ ᠢᠷᠡᠯᠲᠡ ᠨᠢ ᠴᠥᠮ ᠳᠡᠭᠡᠳᠦ ᠱᠠᠲᠤᠨ ᠤ ᠲᠤᠰᠬᠠᠢ ᠲᠥᠷᠦᠯ ᠤᠨ ᠪᠡᠯᠡ ᠮᠥᠩᠭᠦ ᠪᠣᠯᠣᠨ᠎ᠠ᠃ ᠭᠤᠣᠯᠳᠠᠭᠤ ᠴᠠᠬᠢᠯᠭᠠᠨ ᠬᠤᠳᠳᠤᠭ᠂ ᠬᠤᠳᠳᠤᠭ ᠤᠨ ᠭᠡᠷ᠂ ᠬᠢᠨᠠᠨ ᠡᠵᠡᠮᠳᠡᠬᠦ ᠲᠠᠰᠤᠭ᠂ ᠤᠰᠤ ᠬᠠᠳᠠᠭᠠᠯᠠᠬᠤ ᠴᠥᠭᠦᠷᠥᠮ ᠪᠠ ᠨᠡᠬᠡᠯᠡᠬᠡᠢ ᠬᠤᠳᠳᠤᠭ ᠂ 246.8 ᠺᠢᠯᠣᠮᠧᠲᠷ ᠤᠰᠤᠨ ᠬᠤᠭᠤᠯᠠᠶ ᠵᠡᠷᠭᠡ ᠶᠢ ᠰᠢᠨ᠎ᠡ ᠪᠠᠷ ᠪᠠᠶᠢᠭᠤᠯᠤᠨ᠎ᠠ᠃ ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ ᠲᠥᠷᠥᠯ ᠵᠦᠢᠯ ᠤᠨ ᠣᠷᠣᠨ ᠤ ᠳᠣᠲᠣᠷᠠᠬᠢ 7700 ᠭᠠᠷᠤᠶ ᠬᠥᠮᠦᠨ ᠤ ᠤᠰᠤ ᠤᠮᠳᠠ ᠶᠢᠨ ᠨᠥᠬᠦᠴᠡᠯ ᠢ ᠰᠠᠶᠢᠵᠢᠷᠠᠭᠤᠯᠤᠨ᠂ ᠬᠥᠳᠡᠭᠡ ᠲᠣᠰᠬᠤᠨ ᠤ ᠬᠥᠮᠦᠨ ᠠᠮᠠ ᠶᠢᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠪᠣᠯᠤᠨ ᠠᠮᠢᠳᠤᠷᠠᠯ ᠤᠨ ᠶᠠᠰᠤ ᠴᠢᠨᠠᠷ ᠢ ᠦᠷ᠎ᠡ ᠪᠥᠲᠦᠮᠵᠢᠲᠡᠢ ᠳᠡᠭᠡᠭᠰᠢᠯᠡᠭᠦᠯᠦᠨ᠎ᠡ᠃       6. ᠰᠢᠨᠡᠪᠠᠯᠭᠠᠰᠤᠨ ᠤ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠤᠨ ᠲᠥᠷᠥᠯ ᠵᠦᠢᠯ᠃ ᠶᠡᠷᠦᠩᠬᠡᠶ ᠪᠡᠯᠡ ᠣᠷᠣᠭᠤᠯᠤᠯᠲᠠ ᠨᠢ 64081 ᠲᠥᠮᠡᠨ ᠲᠥᠭᠦᠷᠢᠭ ᠲᠤ ᠬᠦᠷᠴᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ  ᠠᠴᠠ ᠪᠡᠯᠡ ᠤᠷᠤᠭᠤᠯᠤᠨ᠎ᠠ᠃ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠬᠠᠩᠭᠢᠨ ᠬᠤᠰᠢᠭᠤᠨ ᠤ ᠴᠠᠬᠢᠯᠭᠠᠨ ᠤ ᠦᠢᠯᠡᠳᠪᠦᠷᠢ ᠠᠴᠠ ᠰᠢᠨᠡᠪᠠᠯᠭᠠᠰᠤ ᠬᠦᠷᠬᠦ 37.5 ᠺᠢᠯᠣᠮᠧᠲᠷ ᠤᠨ ᠢᠯᠴᠢ ᠶᠢᠨ ᠬᠦᠴᠦᠨ ᠤ ᠬᠤᠭᠤᠯᠠᠶ ᠲᠣᠤᠷ᠂ ᠳᠠᠷᠤᠯᠲᠠ ᠲᠤᠰᠠᠭᠠᠷᠯᠠᠬᠤ ᠥᠷᠲᠡᠭᠡ᠂ ᠵᠠᠯᠭᠠᠯ ᠬᠥᠭᠡᠷᠭᠡ ᠶᠢᠨ ᠥᠷᠲᠡᠭᠡ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠪᠠᠭᠲᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠢᠨᠡᠪᠠᠯᠭᠠᠰᠤᠨ ᠲᠣᠭᠤᠷᠢᠭ ᠲᠤ 350 ᠲᠦᠮᠡ ᠠᠴᠠ 550 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠣᠷᠣᠨ ᠳᠤ  ᠲᠣᠭᠲᠠᠪᠤᠷᠢᠲᠠᠶ ᠪᠠᠷ ᠢᠯᠴᠢ ᠬᠠᠩᠭᠠᠵᠤ᠂ ᠡᠪᠦᠯ ᠤᠨ ᠤᠯᠠᠷᠢᠯ ᠤᠨ ᠢᠯᠴᠢ ᠬᠠᠩᠭᠠᠬᠤ ᠴᠢᠳᠠᠮᠵᠢ ᠶᠢ ᠳᠡᠭᠡᠭᠰᠢᠯᠡᠭᠦᠯᠦᠨ᠎ᠡ᠃           7. ᠲᠤᠭᠤᠢᠢᠳᠠᠯ᠎ᠠ ᠪᠠᠯᠭᠠᠰᠤᠨ ᠤ ᠣᠷᠣᠨ ᠰᠠᠭᠤᠴᠠ ᠶᠢᠨ ᠲᠣᠭᠤᠷᠢᠭ ᠢ ᠵᠠᠰᠠᠵᠤ ᠥᠭᠡᠷᠡᠴᠢᠯᠡᠬᠦ ᠲᠥᠷᠥᠯ ᠵᠦᠢᠯ᠃ ᠶᠡᠷᠦᠩᠬᠡᠢ ᠪᠡᠯᠡ ᠣᠷᠣᠭᠤᠯᠣᠯᠲᠠ ᠨᠢ 6589.77 ᠲᠦᠮᠡᠨ ᠲᠦᠭᠦᠷᠢᠭ ᠪᠠᠶᠢᠵᠤ᠂ ᠬᠤᠰᠢᠭᠤᠨ ᠤ ᠡᠳ᠋ ᠤᠨ ᠵᠠᠰᠠᠭ ᠠᠴᠠ ᠪᠡᠯᠡ ᠤᠷᠤᠭᠤᠯᠤᠨ᠎ᠠ᠃ ᠲᠤᠭᠤᠢᠢᠳᠠᠯ᠎ᠠ ᠪᠠᠯᠭᠠᠰᠤᠨ ᠤ ᠰᠢᠨ᠎ᠡ ᠲᠤᠭᠤᠷᠢᠭ ᠤᠨ 8 ᠰᠠᠭᠤᠭᠠᠯᠢ ᠲᠤᠭᠤᠷᠢᠭ ︵ᠰᠢᠨ᠎ᠡ ᠬᠦᠳᠡᠭᠡ ᠲᠤᠰᠬᠤᠨ ᠤ A᠂ B᠂ C᠂ D ᠲᠤᠭᠤᠷᠢᠭ᠂ ᠨᠡᠬᠦᠳᠡᠯ ᠠᠷᠠᠳ ᠤᠨ E᠂ F᠂ G᠂ H ᠶᠢᠨ ᠲᠤᠭᠤᠷᠢᠭ︶ ᠤᠨ 128 ᠰᠠᠭᠤᠷᠢ ᠠᠰᠠᠷ ᠤᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠪᠠ ᠠᠰᠠᠷ ᠤᠨ ᠤᠷᠤᠢ ᠶᠢ ᠪᠠᠬᠢᠯᠡᠬᠦ ᠵᠡᠷᠭᠡ ᠢᠨᠵᠧᠨᠧᠷᠢᠩ ᠵᠢᠴᠢ ᠢᠯᠴᠢ ᠬᠠᠩᠭᠠᠬᠤ ᠂ ᠤᠰᠤ ᠬᠠᠩᠭᠠᠬᠤ᠂ ᠤᠰᠤ ᠲᠠᠲᠠᠷᠠᠭᠤᠯᠬᠤ ᠭᠤᠷᠪᠠᠨ ᠬᠤᠭᠤᠯᠠᠢ ᠲᠤᠤᠷ ᠪᠠ ᠬᠠᠲᠠᠭᠤᠵᠢᠭᠤᠯᠬᠤ᠂ ᠭᠡᠷᠡᠯᠲᠦᠭᠦᠯᠭᠡ ᠵᠡᠷᠭᠡ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ 7 ᠬᠥᠳᠡᠯᠭᠡᠭᠡᠨ ᠤ ᠲᠠᠰᠤᠭ ᠢ ᠪᠠᠶᠢᠭᠤᠯᠵᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠣᠯᠤᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃     8. ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠪᠠᠶᠢᠯᠭᠠᠬᠤ ᠲᠠᠯ᠎ᠠ ᠳᠠᠬᠢ ᠲᠤᠲᠠᠭᠳᠠᠯ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ᠃ ᠶᠡᠷᠦᠩᠬᠡᠢ ᠪᠡᠯᠡ ᠣᠷᠤᠭᠤᠯᠤᠯᠲᠠ ᠨᠢ 7800 ᠲᠦᠮᠡᠨ ᠲᠥᠭᠦᠷᠢᠭ ᠪᠠᠶᠢᠵᠤ᠂ ᠴᠥᠮ ᠳᠡᠭᠡᠳᠦ ᠱᠠᠲᠤᠨ ᠤ ᠲᠤᠰᠬᠠᠢ ᠲᠥᠷᠦᠯ ᠤᠨ ᠪᠡᠯᠡ ᠮᠥᠩᠭᠦ ᠪᠣᠯᠣᠨ᠎ᠠ᠃ ᠭᠤᠤᠯ ᠪᠣᠯᠬᠤ ᠪᠦᠲᠦᠭᠡᠨ ᠪᠠᠶᠢᠭᠤᠯᠬᠤ ᠠᠭᠤᠯᠭ᠎ᠠ ᠳᠤ 11 ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ᠂ ᠴᠢᠳᠠᠮᠵᠢ ᠶᠢ ᠨᠢ ᠥᠭᠡᠷᠡᠴᠢᠯᠡᠬᠦ ᠵᠢᠴᠢ ᠡᠯ᠎ᠡ ᠲᠥᠷᠥᠯ ᠤᠨ ᠵᠢᠭᠠᠨ ᠰᠤᠷᠭᠠᠬᠤ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠪᠠᠭᠲᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠨᠢ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠳᠤ ᠲᠤᠯᠭᠠᠷᠠᠵᠤ ᠪᠠᠶᠢᠭ᠎ᠠ ᠲᠤᠲᠠᠭᠳᠠᠯ ᠢ ᠪᠥᠬᠦ ᠲᠠᠯ᠎ᠠ ᠪᠠᠷ ᠨᠥᠬᠦᠪᠥᠷᠢᠯᠡᠵᠦ᠂ ᠰᠤᠷᠭᠠᠭᠤᠯᠢ ᠡᠷᠭᠢᠯᠡᠬᠦ ᠣᠷᠴᠢᠨ ᠲᠣᠭᠤᠷᠢᠨ ᠢ ᠰᠠᠶᠢᠵᠢᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠭᠤᠯᠭ᠎ᠠ ᠶᠢ ᠨᠠᠩ ᠰᠠᠶᠢᠨ ᠪᠠᠶᠠᠯᠢᠭᠵᠢᠭᠤᠯᠵᠤ᠂ ᠮᠠᠨ ᠤ ᠬᠤᠰᠢᠭᠤᠨ ᠤ ᠰᠤᠷᠤᠭᠴᠢᠳ ᠲᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠦᠷᠲᠡᠭᠡᠨ᠎ᠡ᠃         9.︽ᠬᠡᠶᠢᠵᠢᠭᠦᠯᠦᠭᠰᠡᠨ ᠬᠠᠩᠭᠢᠨ︾  ᠢ ᠲᠠᠰ ᠳᠡᠪᠰᠢᠭᠦᠯᠦᠨ ᠳᠡᠭᠡᠭᠰᠢᠯᠡᠭᠦᠯᠬᠦ ᠲᠥᠷᠥᠯ ᠵᠦᠢᠯ᠃ ᠶᠡᠷᠦᠩᠬᠡᠢ ᠪᠡᠯᠡ ᠣᠷᠤᠭᠤᠯᠤᠯᠲᠠ ᠨᠢ 4381.02 ᠲᠦᠮᠡᠨ ᠲᠥᠭᠦᠷᠢᠭ ᠪᠠᠶᠢᠵᠤ᠂ ᠬᠤᠰᠢᠭᠤᠨ ᠤ ᠡᠳ᠋ ᠤᠨ ᠵᠠᠰᠠᠭ ᠤᠨ ᠲᠥᠰᠥᠪ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠥᠪᠡᠷᠲᠡᠭᠡᠨ ᠪᠡᠯᠡ ᠴᠤᠭᠯᠠᠭᠤᠯᠤᠨ᠎ᠠ᠃ ᠭᠤᠤᠯ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ LNG ᠬᠡᠢ ᠬᠠᠳᠠᠭᠠᠯᠠᠬᠤ ᠰᠠᠪᠠ᠂ ᠳᠠᠷᠤᠯᠲᠠ ᠲᠣᠬᠢᠷᠠᠭᠤᠯᠬᠤ ᠲᠣᠨᠣᠭᠯᠠᠯ᠂ ᠡᠵᠡᠮᠳᠡᠬᠦ ᠥᠷᠲᠡᠭᠡ᠂ ᠭᠠᠯ ᠤᠨᠲᠠᠷᠠᠭᠠᠬᠤ ᠪᠡᠯᠡᠳᠬᠡᠮᠵᠢ ᠵᠢᠴᠢ ᠪᠤᠰᠤᠳ ᠳᠥᠬᠦᠭᠡᠷᠦᠮᠵᠢ ᠪᠠᠭᠲᠠᠨ᠎ᠠ᠃ ᠲᠣᠰ ᠲᠥᠷᠥᠯ ᠵᠦᠢᠯ ᠢ ᠬᠡᠷᠡᠭᠵᠢᠭᠦᠯᠪᠡᠯ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ ᠶᠢᠨ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠵᠢᠷᠤᠮᠵᠢᠭᠤᠯᠤᠨ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠰᠢᠲᠠᠮᠠᠬᠠᠶ ᠬᠡᠶ ᠬᠡᠷᠡᠭᠯᠡᠬᠦ ᠬᠦᠴᠢᠷ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ ᠴᠢᠳᠠᠨ᠎ᠠ᠃     10.ᠨᠡᠶᠢᠲᠡ ᠶᠢᠨ ᠲᠦᠷᠢᠶᠡᠰᠦᠨ ᠭᠡᠷ ᠪᠠ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠵᠠᠰᠠᠵᠤ ᠴᠢᠮᠡᠬᠦ ᠵᠢᠴᠢ ᠪᠠᠶᠢᠭᠠᠯᠢ ᠶᠢᠨ ᠰᠢᠲᠠᠮᠠᠬᠠᠶ ᠬᠡᠢ ᠬᠠᠩᠭᠠᠬᠤ ᠲᠥᠷᠥᠯ ᠵᠦᠢᠯ᠃ ᠶᠡᠷᠦᠩᠬᠡᠶ ᠪᠡᠯᠡ ᠣᠷᠣᠭᠤᠯᠤᠯᠲᠠ ᠨᠢ 1357.6 ᠲᠦᠮᠡᠨ ᠲᠥᠭᠦᠷᠢᠭ᠂ ᠡᠭᠦᠨ ᠳᠤ ᠳᠡᠭᠡᠳᠦ ᠱᠠᠲᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠪᠡᠯᠡ ᠮᠥᠩᠭᠦ 284.75 ᠲᠦᠮᠡᠨ ᠲᠥᠭᠦᠷᠢᠭ᠂ ᠬᠤᠰᠢᠭᠤᠨ ᠤ ᠡᠳ᠋ ᠤᠨ ᠵᠠᠰᠠᠭ ᠤᠨ ᠢᠵᠢ ᠪᠦᠷᠢᠳᠦᠭᠦᠯᠬᠦ ᠪᠡᠯᠡ ᠮᠥᠩᠭᠦ 1072.85 ᠲᠦᠮᠡᠨ ᠲᠥᠭᠦᠷᠢᠭ᠃ ᠪᠦᠳᠦᠭᠡᠨ ᠪᠠᠶᠢᠭᠤᠯᠤᠯᠳᠠ ᠶᠢᠨ ᠠᠭᠤᠯᠭ᠎ᠠ ᠳᠤ ᠭᠤᠤᠯᠳᠠᠭᠤ ᠬᠠᠩᠭᠢᠨ ᠬᠤᠰᠢᠭᠤᠨ ᠤ 72 ᠲᠠᠰᠤᠯᠭ᠎ᠠ ᠬᠢᠮᠳᠠ ᠲᠦᠷᠢᠶᠡᠰᠦᠨ ᠭᠡᠷ ︵ᠨᠡᠶᠢᠲᠡ ᠶᠢᠨ ᠲᠦᠷᠢᠶᠡᠰᠦᠨ ᠭᠡᠷ︶ ᠪᠣᠯᠤᠨ 100 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠵᠠᠰᠠᠨ ᠴᠢᠮᠡᠬᠦ ᠶᠢ ᠪᠠᠭᠲᠠᠭᠠᠬᠤ ᠶᠢᠨ ᠬᠠᠮᠲᠤ ᠥᠩᠭᠡᠷᠡᠭᠰᠡᠨ ᠵᠢᠯ ᠤᠳ ᠲᠤ ᠪᠠᠶᠢᠭᠤᠯᠤᠭᠰᠠᠨ 1421 ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠪᠠᠶᠢᠭᠠᠯᠢ ᠶᠢᠨ ᠰᠢᠲᠠᠮᠠᠬᠠᠶ ᠬᠡᠢ ᠨᠡᠪᠲᠡᠷᠡᠭᠦᠯᠦᠨ᠎ᠡ᠃ ᠲᠣᠰ ᠲᠥᠷᠥᠯ ᠵᠦᠢᠯ ᠨᠢ ᠠᠮᠢᠳᠤᠷᠠᠯ ᠬᠦᠴᠢᠷᠳᠡᠯᠲᠡᠶ ᠣᠯᠠᠨ ᠲᠦᠮᠡᠨ ᠳᠤ ᠴᠢᠨᠠᠷ ᠰᠠᠶᠢᠲᠠᠶ᠂ ᠠᠮᠤᠷ ᠲᠦᠪᠰᠢᠨ ᠣᠷᠣᠨ ᠰᠠᠭᠤᠴᠠ ᠶᠢᠨ ᠨᠥᠬᠦᠴᠡᠯ ᠢ ᠬᠠᠩᠭᠠᠨ᠎ᠠ᠃ ᠲᠥᠯᠥᠭᠡᠯᠡᠭᠴᠢᠳ ᠡ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠬᠦ ᠳᠤ ᠪᠢᠳᠡ ᠵᠠᠶᠢᠯᠠᠭᠤᠯᠵᠤ ᠪᠣᠯᠤᠰᠢ ᠦᠭᠡᠶ ᠬᠠᠷᠢᠭᠤᠴᠠᠯᠭ᠎ᠠ ᠡᠭᠦᠷᠭᠡᠯᠡᠵᠦ ᠪᠤᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠣᠭᠲᠠᠭᠠᠭᠰᠠᠨ ᠤ ᠲᠠᠷᠠᠭ᠎ᠠ᠂ ᠪᠢᠳᠡ ᠲᠦᠷᠦᠯ ᠵᠦᠢᠯ  ᠢ ᠠᠬᠢᠭᠤᠯᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠭᠦᠢᠴᠡᠳᠬᠡᠵᠦ᠂ ᠪᠣᠳᠠᠲᠤ ᠶᠠᠪᠤᠳᠠᠯ ᠢᠶᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ᠡᠭᠦᠨ ᠤ ᠬᠠᠮᠲᠤ ᠪᠠᠰᠠ ᠲᠥᠯᠥᠭᠡᠯᠡᠭᠴᠢᠳ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠠᠯᠠᠮᠵᠢᠯᠠᠨ ᠳᠡᠮᠵᠢᠵᠦ᠂ ᠪᠢᠳᠡ ᠬᠠᠮᠲᠤ ᠪᠠᠷ ᠴᠢᠷᠮᠠᠶᠢᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠬᠦ ᠶᠢ ᠬᠦᠰᠡᠵᠦ ᠪᠠᠶᠢᠨ᠎ᠠ︕
ᠢᠷᠡᠯᠲᠡ᠄ ᠲᠤᠰ ᠰᠦᠯᠵᠢᠶ᠎ᠡ