ᠵᠠᠰᠠᠭ ᠤᠨ ᠣᠷᠳᠣᠨ ᠤ ᠲᠣᠮᠤ ᠠᠵᠢᠯ ᠶᠠᠪᠤᠳᠠᠯ ᠤᠨ ᠲᠡᠮᠲᠡᠭᠯᠡᠯ ︵2024 ᠣᠨ ᠤ 3 ᠳ᠋ᠤᠭᠠᠷ ᠰᠠᠷ᠎ᠠ︶
ᠨᠡᠶᠢᠲᠡᠯᠡᠭᠰᠡᠨ ᠴᠠᠭ᠄
2024/7/11
    3 ᠰᠠᠷ᠎ᠠ ᠶᠢᠨ1 ᠤ ᠡᠳᠦᠷ᠂ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 128 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠠᠩᠭᠢᠨ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠯᠢ ᠸᠧᠨ ᠮᠢᠩ᠂ ᠪᠣᠣ ᠳᠥᠪᠰᠢᠨᠴᠢᠮᠡᠭ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃    3 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠳ᠋ᠦᠩᠱᠧᠩ ᠲᠣᠭᠤᠷᠢᠭ ᠲᠤ ᠬᠦᠷᠴᠦ ᠢ ᠲᠠᠢ ᠪᠦᠯᠦᠭᠯᠡᠯ ᠢᠶᠠᠷ ᠰᠤᠷᠪᠤᠯᠵᠢᠯᠠᠭᠰᠠᠨ ᠪᠥᠭᠡᠳ ᠳᠡᠭᠡᠳᠦ ᠴᠢᠳᠠᠪᠬᠢᠲᠤ ᠨᠡᠭᠦᠷᠡᠰᠦᠲᠥ᠋ᠷᠥᠭᠴᠢ ᠶᠢᠨ ᠰᠢᠷᠬᠡᠭ ᠤᠨ ᠠᠵᠤ ᠦᠶᠢᠯᠡᠰᠵᠢᠯᠲᠡ ᠶᠢᠨ ᠲᠥᠷᠥᠯ ᠵᠦᠢᠯ ᠤᠨ ᠲᠤᠬᠠᠶ ᠢ ᠲᠠᠢ ᠨᠡᠭᠦᠷᠡᠰᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠠᠨ ᠰᠢ ᠶᠢᠨ ᠨᠡᠭᠦᠷᠡᠰᠦᠨ ᠤ ᠬᠢᠮᠢ ᠶᠢᠨ ᠰᠤᠳᠤᠯᠭᠠᠨ ᠤ ᠭᠠᠵᠠᠷ ᠲᠠᠢ ᠶᠠᠷᠢᠯᠴᠠᠬᠤ ᠬᠤᠷᠠᠯ ᠬᠢᠪᠠ᠃    3 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠵᠢᠷᠭᠠᠯᠠᠩᠲᠤ ᠪᠠᠯᠭᠠᠰᠤ᠂ ᠬᠥᠬᠡᠮᠣᠳᠤ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠰᠤᠳᠤᠯᠤᠨ  ᠰᠢᠢᠳᠪᠦᠷᠢᠯᠡᠪᠡ᠃ ᠬᠤᠰᠢᠭᠤᠨ ᠤ ᠤᠳᠤᠷᠢᠳᠤᠯᠭ᠎ᠠ ᠵᠠᠩ ᠭᠤᠸᠠᠩ ᠷᠦᠢ᠂ ᠾᠧ ᠶᠦᠩ ᠭᠠᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    3 ᠰᠠᠷ᠎ᠠ ᠶᠢᠨ 5 ᠤ ᠡᠳᠦᠷ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠶ᠃    3 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠵᠠᠰᠠᠭ ᠤᠨ ᠣᠷᠳᠣᠨ ᠤ ᠡᠯ᠎ᠡ ᠬᠤᠰᠢᠭᠤ ᠳᠡᠳ᠋ ᠳᠠᠷᠤᠭ᠎ᠠ ᠬᠤᠷᠠᠯ ᠳᠤ ᠣᠷᠣᠯᠴᠠᠵᠠᠶ᠃    3 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠤᠭᠤᠢᠢᠳᠠᠯ᠎ᠠ ᠪᠠᠯᠭᠠᠰᠤᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠬᠤᠤ ᠬᠤᠸᠠᠨ ᠭᠠᠩ ᠪᠠᠷ᠎ᠠ ᠪᠣᠯᠪᠠ᠃    3 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠺᠸᠤ ᠴᠧᠩ᠂ ᠯᠢᠦ ᠬᠠᠶ ᠴᠢᠤᠸᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃    3 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠠᠩᠭᠢᠨ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠠᠯᠲᠠᠨᠳᠠᠯᠠᠢ᠂ ᠵᠠᠩ ᠺᠸᠤ ᠴᠧᠩ᠂ ᠯᠢᠦ ᠬᠠᠶ ᠴᠢᠤᠸᠠᠨ ᠬᠤᠷᠠᠯ ᠳᠤ ᠣᠷᠣᠯᠴᠠᠵᠠᠶ᠃    3 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠪᠠᠯᠭᠤᠨ ᠪᠠᠯᠭᠠᠰᠤ᠂ ᠬᠥᠬᠡᠮᠣᠳᠤ ᠪᠠᠯᠭᠠᠰᠤᠨ ᠳᠤ ᠭᠦᠨᠵᠡᠭᠡᠶᠢᠷᠡᠨ ᠰᠢᠨ᠎ᠡ ᠡᠨᠧᠷᠭᠢ ᠶᠢᠨ ᠬᠡᠷᠡᠯ ᠴᠡᠨᠡᠭ ᠤᠨ ᠬᠤᠭᠤᠯᠠᠶ ᠶᠢᠨ ᠪᠠᠭᠠᠨ᠎ᠠ ᠦᠢᠯᠡᠳᠬᠦ᠂ ᠬᠦᠯᠡᠮᠵᠢ ᠶᠢᠨ ᠴᠢᠬᠢ ᠪᠤᠶᠢᠵᠢᠭᠤᠯᠬᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ᠂ ᠲᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠪᠠ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠬᠤᠰᠢᠭᠤ ᠳᠡᠳ᠋ ᠳᠠᠷᠤᠭ᠎ᠠ ᠾᠧ ᠶᠦᠩ ᠭᠠᠩ ᠪᠠᠷ᠎ᠠ ᠪᠣᠯᠪᠠ᠃    3 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠲᠤᠪᠴᠢᠶ᠎ᠠ ᠳᠤ ᠬᠦᠷᠴᠦ ᠰᠣᠷᠪᠤᠯᠵᠢᠯᠠᠯ ᠢ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠲᠤᠬᠠᠢ ᠶᠢᠨ ᠲᠠᠯᠠᠪᠤᠷ ᠲᠤ ᠤᠯᠠᠨ ᠲᠦᠮᠡᠨ ᠤ ᠪᠣᠳᠠᠲᠠᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    3 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 129 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    3 ᠰᠠᠷ᠎ᠠ ᠶᠢᠨ 18 ᠤ ᠡᠳᠦᠷ᠂ ᠬᠤᠸᠠ ᠴᠧᠩ ᠰᠢᠨᠡᠪᠠᠯᠭᠠᠰᠤ᠂ ᠲᠠᠤᠯᠠᠢ ᠶᠢᠨ ᠭᠤᠤᠯ ᠳᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ  ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠬᠠᠮᠢᠶ᠎ᠠ ᠪᠥᠬᠦᠶ ᠤᠴᠢᠷ ᠶᠠᠪᠤᠳᠠᠯ ᠢ ᠲᠤᠬᠠᠶ ᠶᠢᠨ ᠲᠠᠯᠠᠪᠠᠶ ᠳᠤ ᠵᠣᠬᠢᠴᠠᠭᠤᠯᠤᠨ ᠰᠢᠢᠳᠪᠦᠷᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠠᠯᠲᠠᠨᠳᠠᠯᠠᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    3 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠦ᠋ ᠼᠦᠢ ᠹᠠᠩ ᠬᠠᠩᠭᠢᠨ ᠬᠤᠰᠢᠭᠤᠨ ᠤ ᠲᠤᠭᠤᠢᠲᠠᠯ᠎ᠠ ᠪᠠᠯᠭᠠᠰᠤ᠂ ᠵᠢᠷᠭᠠᠯᠠᠩᠲᠤ ᠪᠠᠯᠭᠠᠰᠤ᠂ ᠰᠢᠨᠡᠪᠠᠯᠭᠠᠰᠤᠨ ᠳᠤ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠨᠯᠬᠢᠨ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠲᠥᠷᠥᠯ ᠵᠦᠢᠯ ᠵᠡᠷᠭᠡ ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃    3 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    3 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ︵ᠥᠷᠭᠡᠳᠬᠡᠭᠰᠡᠨ︶  ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳᠥᠷᠪᠡᠨ ᠶᠡᠭᠡ ᠤᠳᠤᠷᠢᠳᠬᠤ ᠪᠠᠭ ᠤᠨ ᠠᠯᠪᠠᠨ ᠬᠡᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    3 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠬᠤᠯᠤᠭᠠᠨ᠎ᠠ ᠶᠢᠨ ᠬᠢᠵᠢᠭ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    3 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ130 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ ᠤᠷᠳᠤᠰ ᠬᠤᠳᠠ᠂ ᠲᠦᠩᠯᠢᠶᠣᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    3 ᠰᠠᠷ᠎ᠠ ᠶᠢᠨ 31 ᠤ ᠡᠳᠦᠷ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠨᠢᠭᠡᠳᠦᠭᠡᠷ ᠤᠯᠠᠷᠢᠯ ᠤᠨ ᠶᠡᠷᠦᠩᠬᠡᠢ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰᠢᠶᠠᠯ ᠤᠨ ᠮᠡᠳᠡᠭᠦᠯᠦᠯᠲᠡ ᠬᠢᠵᠦ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠠᠩ ᠵᠦᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
ᠢᠷᠡᠯᠲᠡ᠄ ᠲᠤᠰ ᠰᠦᠯᠵᠢᠶ᠎ᠡ