7 ᠰᠠᠷ᠎ᠠ ᠶᠢᠨ 14 ᠤ ᠡᠳᠦᠷ᠂ ︽ᠲᠠᠯ᠎ᠠ ᠨᠤᠲᠤᠭ ᠤᠨ ᠨᠠᠨᠳᠢᠨ ᠪᠣᠯᠵᠤᠭ᠎ᠠ · ᠲᠠᠩᠰᠤᠭ ᠨᠠᠭᠠᠳᠤᠮ ᠤᠨ ᠪᠠᠶᠠᠷᠲᠤ ᠵᠣᠯᠭᠠᠯᠲᠠ︾ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠳᠤ ᠡᠬᠢᠯᠡᠯ᠎ᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠨᠭ᠌ ᠹᠠᠨ ᠤᠷᠤᠯᠴᠠᠵᠦ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠨᠠᠭᠠᠳᠤᠮ ᠡᠬᠢᠯᠡᠭᠰᠡᠨ ᠢ ᠵᠠᠷᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠤᠭᠲᠤᠯᠭ᠎ᠠ ᠶᠢᠨ ᠦᠭᠡ ᠬᠡᠯᠡᠵᠡᠢ᠃ | ᠲᠤᠰ ᠬᠤᠭᠤᠴᠠᠭᠠᠨ ᠤ ᠨᠠᠭᠠᠳᠤᠮ ᠳᠤ ᠤᠯᠠᠮᠵᠢᠯᠠᠯᠲᠤ ᠤᠷᠤᠯᠳᠤᠭᠠᠨ ᠤ ᠲᠦᠷᠦᠯ ᠵᠦᠢᠯ᠂ ᠲᠠᠯ᠎ᠠ ᠨᠤᠲᠤᠭ ᠤᠨ ᠵᠢᠭᠤᠯᠴᠢᠳ ᠤᠨ ᠭᠤᠷᠪᠠᠨ ᠲᠦᠷᠦᠯ ᠤᠨ | ᠮᠥᠷᠦ᠋ᠢᠴᠡᠭᠡᠨ᠂ ᠪᠠᠭᠠᠴᠤᠳ ᠤᠨ ᠨᠠᠭᠠᠳᠤᠮ᠂ ︽ᠤᠶᠠᠩᠭ᠎ᠠ ᠳᠠᠭᠤᠤ ᠶᠢᠨ ᠥᠪᠥᠷ ᠮᠣᠩᠭᠤᠯ︾ ᠵᠡᠷᠭᠡ ᠠᠵᠢᠯᠯᠠᠭ᠎ᠠ ᠲᠣᠬᠢᠷᠠᠭᠤᠯᠤᠭᠰᠠᠨ ᠪᠠᠶᠢᠨ᠎ᠠ᠃ ᠪᠠᠰᠠ ᠲᠤᠰ | ᠬᠤᠭᠤᠴᠠᠭᠠᠨ ᠤ ᠨᠠᠭᠠᠳᠤᠮ ᠡᠬᠢᠯᠡᠭᠰᠡᠨ ᠠᠴᠠ 8 ᠰᠠᠷ᠎ᠠ ᠪᠤᠯᠳᠠᠯ᠎ᠠ ᠦᠷᠭᠦᠯᠵᠢᠯᠡᠭᠰᠡᠨ ᠴᠢᠨᠠᠷᠲᠠᠢ ᠨᠠᠭᠠᠳᠤᠮ ᠤᠨ ᠠᠵᠢᠯᠯᠠᠭ᠎ᠠ ᠡᠷᠭᠢᠯᠡᠵᠦ᠂ ᠥᠷᠭᠡᠨ ᠤᠯᠠᠨ | ᠵᠢᠭᠤᠯᠴᠢᠯᠠᠬᠰᠠᠳ ᠲᠤ ᠲᠠᠯ᠎ᠠ ᠨᠤᠲᠤᠭ ᠤᠨ ᠨᠠᠭᠠᠳᠤᠮ ᠤᠨ ᠬᠠᠪᠤ ᠴᠡᠩᠭᠡᠯ ᠪᠠᠶᠠᠷ ᠵᠢᠷᠭᠠᠯ ᠢ ᠡᠳ᠋ᠯᠡᠭᠦᠯᠭᠦ ᠪᠣᠯᠣᠨ᠎ᠠ᠃ | ᠣᠶᠢᠷ᠎ᠠ ᠶᠢᠨ ᠵᠢᠯ ᠳᠤ ᠮᠠᠨ ᠤ ᠣᠷᠣᠨ ︽ᠲᠠᠯ᠎ᠠ ᠨᠤᠲᠤᠭ ᠤᠨ ᠨᠠᠨᠳᠢᠨ ᠪᠣᠯᠵᠤᠭ᠎ᠠ · ᠲᠠᠩᠰᠤᠭ ᠨᠠᠭᠠᠳᠤᠮ ᠤᠨ ᠪᠠᠶᠠᠷᠲᠤ ᠵᠣᠯᠭᠠᠯᠲᠠ︾᠂ ︽ᠤᠶᠠᠩᠭ᠎ᠠ | ᠳᠠᠭᠤᠤ ᠶᠢᠨ ᠥᠪᠥᠷ ᠮᠣᠩᠭᠤᠯ︾ ᠵᠡᠷᠭᠡ ᠭᠤᠣᠯ ᠰᠡᠳᠦᠪᠲᠦ ᠲᠥᠷᠥᠯ ᠲᠡᠮᠳᠡᠭ ᠢ ᠡᠭᠦᠳᠦᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠪᠠᠷ | ᠥᠷᠭᠡᠨ ᠲᠦᠮᠡᠨ ᠳᠤ ᠠᠰᠢᠭ ᠬᠦᠷᠲᠡᠭᠡᠵᠡᠢ᠃ |