4 ᠰᠠᠷ᠎ᠠ ᠶᠢᠨ 2 ᠤᠨ ᠡᠳᠦᠷ᠂ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠬᠥᠬᠡᠮᠣᠳᠤ | ᠪᠠᠯᠭᠠᠰᠤᠨ ᠳᠤ ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ | ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠬᠠᠶ ᠶᠢᠨ ᠲᠠᠯᠠᠪᠠᠶ ᠳᠤ ᠬᠠᠮᠢᠶ᠎ᠠ ᠪᠥᠬᠦᠢ ᠠᠰᠠᠭᠤᠳᠠᠯ ᠢ ᠰᠢᠢᠳᠪᠦᠷᠢᠯᠡᠪᠡ᠃ ᠬᠤᠷᠠᠯ ᠠᠴᠠ ᠡᠮᠦᠨ᠎ᠡ᠂ ᠵᠠᠩ ᠵᠦᠩ ᠫᠢᠩ | ᠤᠷᠢᠳ ᠬᠤᠵᠢᠳ ᠱᠦᠸᠧ ᠹᠠᠩ ᠰᠢᠨ᠎ᠡ ᠡᠨᠧᠷᠭᠢ ᠶᠢᠨ ᠲᠤᠮᠤ ᠰᠠᠭᠤᠷᠢᠨ ᠭᠠᠵᠠᠷ ᠂ ᠬᠠᠳᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠲᠣᠭᠤᠷᠢᠭ᠂ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠣᠯᠤᠨ ᠪᠠᠶᠠᠨ᠋ᠦ᠌ᠨᠳᠦᠷ ᠭᠠᠴᠠᠭ᠎ᠠ ᠵᠡᠷᠭᠡ ᠭᠠᠵᠠᠷ ᠲᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ᠂ ᠨᠡᠶᠢᠭᠡᠮ ᠤᠨ ᠵᠠᠰᠠᠯᠲᠠ᠂ ᠠᠵᠤ | ᠦᠢᠯᠡᠰ ᠤᠨ ᠬᠥᠭᠵᠢᠯᠲᠡ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ | ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠪᠡ᠃ | 4 ᠰᠠᠷ᠎ᠠ ᠶᠢᠨ 2 ᠤᠨ ᠡᠳᠦᠷ᠂ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠴᠧᠩ ᠪᠥᠬᠦ ᠬᠤᠰᠢᠭᠤᠨ ᠤ ᠰᠤᠷᠭᠠᠭᠤᠯᠢ ᠶᠢᠨ ᠵᠠᠬᠢᠷᠤᠯ ᠤᠨ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠴᠢᠦ ᠶᠢᠨ ᠮᠠ᠂ ᠰᠠᠷᠠᠨ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | 4 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠬᠦᠷᠴᠦ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ | ᠨᠥᠭᠡᠴᠡ ᠶᠢᠨ ᠬᠥᠮᠥᠷᠭᠡ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠲᠤᠬᠠᠶ ᠶᠢᠨ ᠲᠠᠯᠠᠪᠠᠶ ᠳᠤ | ᠪᠠᠶᠢᠴᠠᠭᠠᠨ ᠦᠵᠡᠭᠰᠡᠨ ᠪᠥᠭᠡᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠲᠠᠢ ᠶᠠᠷᠢᠯᠴᠠᠵᠤ ᠰᠠᠨᠠᠯ ᠢᠶᠠᠨ | ᠰᠣᠯᠢᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠠᠯᠲᠠᠨᠳᠠᠯᠠᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠪᠡ᠃ | 4 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠦᠷᠴᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠬᠤᠰᠢᠭᠤᠨ ᠤ ᠤᠳᠤᠷᠢᠳᠤᠯᠭ᠎ᠠ ᠠᠯᠲᠠᠨᠳᠠᠯᠠᠢ᠂ ᠵᠠᠩ ᠺᠸᠦ ᠴᠧᠩ᠂ ᠯᠢᠦ ᠬᠠᠶ ᠴᠢᠤᠸᠠᠨ ᠪᠠᠷ᠎ᠠ ᠪᠣᠯᠪᠠ᠃ | 4 ᠰᠠᠷ᠎ᠠ ᠶᠢᠨ 9 ᠤ ᠡᠳᠦᠷ᠂ ᠬᠠᠨᠭ᠍ᠭᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠠᠢ ᠪᠦᠯᠦᠭᠯᠡᠯ ᠲᠠᠢ ᠶᠠᠷᠢᠯᠴᠠᠬᠤ ᠬᠤᠷᠠᠯ ᠬᠢᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ᠂ ᠢ ᠲᠠᠢ ᠪᠦᠯᠦᠭᠯᠡᠯ ᠤᠨ ᠳᠡᠳ᠋ ᠶᠡᠷᠦᠩᠬᠡᠶ | ᠵᠠᠬᠢᠷᠤᠯ ᠯᠢ ᠵᠢᠶᠦ᠋ᠨ ᠴᠧᠩ᠂ ᠥᠪᠥᠷ ᠮᠣᠩᠭᠤᠯ ᠤᠨ ᠢ ᠨᠦᠸᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ | ᠰᠢᠶᠤᠤ ᠭᠤᠸᠠᠩ᠂ ᠵᠢᠤᠢ ᠫᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠠᠩ ᠰᠢᠶᠠᠨ ᠵᠥᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠠᠯᠲᠠᠨᠳᠠᠯᠠᠢ ᠶᠠᠷᠢᠯᠴᠠᠬᠤ ᠬᠤᠷᠠᠯ ᠳᠤ | ᠣᠷᠤᠯᠴᠠᠵᠤ᠂ ᠬᠤᠰᠢᠭᠤ ᠳᠡᠳ᠋ ᠳᠠᠷᠤᠭ᠎ᠠ ᠵᠠᠩ ᠺᠸᠦ ᠴᠧᠩ ᠬᠤᠷᠠᠯ ᠢ ᠡᠷᠭᠢᠯᠡᠪᠡ᠃ | 4 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠪᠰᠤᠷᠤᠨ ᠲᠡᠳᠬᠦᠬᠦ ᠵᠤᠷᠭᠠᠨ ᠤ ᠳᠡᠳ᠋ | ᠳᠠᠷᠤᠭ᠎ᠠ ᠯᠢᠦ ᠵᠢᠶᠦ᠋ᠨ ᠶᠦᠩ ᠨᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠬᠠᠶ ᠱᠠᠨ ᠨᠠᠷ ᠬᠠᠩᠭᠢᠨ ᠬᠤᠰᠢᠭᠤᠨ ᠳᠤ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠬᠠᠮᠢᠶ᠎ᠠ ᠪᠥᠬᠦᠶ ᠤᠳᠤᠷᠢᠳᠤᠯᠭ᠎ᠠ ᠪᠠᠷ᠎ᠠ ᠪᠣᠯᠵᠣ | ᠪᠠᠶᠢᠴᠠᠭᠠᠨ ᠰᠤᠳᠤᠯᠤᠯᠲᠠ ᠬᠢᠪᠠ᠃ | 4 ᠰᠠᠷ᠎ᠠ ᠶᠢᠨ 11 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠯᠢ ᠸᠧᠨ ᠮᠢᠩ᠂ ᠳᠡᠳ᠋ ᠡᠷᠬᠢᠯᠡᠭᠴᠢ ᠮᠦᠩᠬᠡᠴᠢᠯᠠᠭᠤ ᠨᠠᠷ ᠰᠢᠨᠡᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ᠃ | 4 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠪᠥᠬᠦ ᠬᠤᠰᠢᠭᠤᠨ ᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠵᠣᠭᠰᠤᠭᠠᠨ ᠨᠤᠲᠤᠭ | ᠪᠡᠯᠴᠢᠭᠡᠷ ᠢ ᠰᠡᠷᠭᠦᠭᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | 4 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠵᠢᠷᠭᠠᠯᠠᠩᠲᠤ ᠪᠠᠯᠭᠠᠰᠤᠨ ᠳᠤ 2024 ᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠶᠢᠨ ᠲᠠᠯᠠᠪᠤᠷ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ ᠂ | ᠬᠤᠰᠢᠭᠤᠨ ᠤ ᠤᠳᠤᠷᠢᠳᠤᠯᠭ᠎ᠠ ᠴᠠᠩ ᠬᠠᠶ᠂ ᠵᠠᠩ ᠺᠸᠦ ᠴᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | 4 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠨᠡᠷ ᠬᠠᠩᠭᠢᠨ ᠬᠤᠰᠢᠭᠤᠨ ᠳᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ | ᠲᠣᠰᠬᠤᠨ ᠳᠤ ᠰᠠᠭᠤᠵᠤ ᠳᠠᠭᠠᠭᠠᠴᠢᠯᠠᠨ ᠬᠤᠯᠪᠣᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠬᠤᠲᠠ᠂ ᠬᠤᠰᠢᠭᠤᠨ ᠤ | ᠬᠤᠯᠪᠣᠭᠳᠠᠯ ᠪᠥᠬᠦᠶ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | 4 ᠰᠠᠷ᠎ᠠ ᠶᠢᠨ 28 ᠤ ᠡᠳᠦᠷ᠂ ᠣᠷᠳᠣᠰ ᠬᠤᠲᠠ ᠶᠢᠨ S215 ᠵᠠᠰᠠᠮᠠᠯ ᠵᠠᠮ ᠤᠨ ᠬᠠᠩᠭᠢᠨ ᠬᠤᠰᠢᠭᠤᠨ ᠤ ᠬᠡᠰᠡᠭ ᠤᠨ ᠪᠥᠲᠥᠭᠡᠨ | ᠪᠠᠶᠢᠭᠤᠯᠤᠯᠲᠠ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠬᠠᠮᠲᠤᠷᠠᠯᠴᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ | ᠶᠣᠰᠣᠯᠠᠯ ᠶᠠᠪᠤᠭᠳᠠᠪᠠ᠃ | |