ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢᠨ ᠲᠠᠰᠢᠷᠠᠮ ᠢᠶᠠᠷ᠂ ᠪᠦᠬᠦ ᠣᠷᠣᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠬᠤᠷᠠᠯ ᠬᠢᠬᠦ᠂ ᠶᠣᠰᠣᠯᠠᠯ ᠶᠠᠪᠤᠭᠳᠠᠭᠤᠯᠬᠤ᠂ ᠭᠡᠷ ᠲᠤᠨᠢ ᠬᠦᠷᠴᠦ ᠰᠣᠷᠪᠣᠯᠵᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠨᠠᠮ ᠳᠤ | ᠡᠯᠰᠡᠭᠳᠡᠭᠡᠳ 50 ᠵᠢᠯ ᠪᠣᠯᠵᠤ᠂ ᠢᠮᠠᠭᠲᠠ ᠢᠯᠡᠷᠡᠯ ᠰᠠᠶᠢᠲᠠᠢ 1.29 ᠲᠦᠮᠡᠨ ᠠᠬᠠᠮᠠᠳ ᠨᠠᠮ ᠤᠨ ᠭᠡᠰᠢᠭᠦᠨ ᠳᠤ ︽ᠨᠠᠮ ᠤᠨ ᠭᠡᠰᠢᠭᠦᠨ ᠪᠣᠯᠣᠭᠰᠠᠨ ᠢᠷᠡᠭᠤ | ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠪᠠ᠃ | ᠳᠤᠷᠠᠰᠬᠠᠯ ᠤᠨ ᠲᠡᠮᠳᠡᠭ ᠬᠦᠷᠲᠡᠭᠰᠡᠨ ᠠᠬᠠᠮᠠᠳ ᠨᠠᠮ ᠤᠨ ᠭᠡᠰᠢᠭᠦᠳ᠂ ︽ᠨᠠᠮ ᠤᠨ ᠭᠡᠰᠢᠭᠦᠨ ᠪᠣᠯᠣᠭᠰᠠᠨ ᠢᠷᠡᠭᠤ ᠠᠯᠳᠠᠷᠲᠤ 50 ᠵᠢᠯ︾ ᠤᠨ | ᠳᠤᠷᠠᠰᠬᠠᠯ ᠤᠨ ᠲᠡᠮᠳᠡᠭ ᠨᠢ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠠᠬᠠᠮᠠᠳ ᠨᠠᠮ ᠤᠨ ᠭᠡᠰᠢᠭᠦᠨ ᠳᠤ ᠥᠭᠭᠦᠭᠰᠡᠨ | ᠬᠠᠶᠢᠷ᠎ᠠ ᠬᠠᠯᠠᠮᠵᠢ ᠶᠢ ᠳᠠᠮᠵᠢᠭᠤᠯᠵᠠᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠦᠷᠭᠦᠯᠵᠢᠯᠡᠨ ᠰᠤᠷᠤᠯᠴᠠᠵᠤ᠂ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠠᠮ ᠳᠤ ᠣᠷᠣᠬᠤ ᠲᠠᠩᠭᠠᠷᠢᠭ ᠢᠶᠠᠨ ᠦᠯᠦ ᠮᠠᠷᠲᠠᠵᠤ᠂ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠷᠡᠰ ᠭᠤᠶᠢᠪᠢᠰᠢ | ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠤᠲᠠᠲᠤ ᠠᠵᠢᠯᠯᠠᠭ᠎ᠠ ᠪᠠᠷ ᠢᠶᠠᠨ ︽ᠳᠣᠯᠣᠭᠠᠨ ᠲᠠᠯ᠎ᠠ ᠪᠠᠷ | ᠵᠢᠱᠢᠶᠡᠴᠢ ᠪᠣᠯᠬᠤ︾ ᠶᠢ ᠦᠢᠯᠡᠳᠦᠯᠭᠡᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠠᠬᠢᠴᠠ ᠳᠤᠮᠳᠠ ᠦᠷᠭᠦᠯᠵᠢᠯᠡᠨ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠪᠡ᠃ |