ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠮᠤ ᠠᠵᠢᠯ ᠶᠠᠪᠤᠳᠠᠯ ᠤᠨ ᠲᠡᠮᠲᠡᠭᠯᠡᠯ ︵2024 ᠣᠨ ᠤ 5 ᠳ᠋ᠤᠭᠠᠷ ᠰᠠᠷ᠎ᠠ︶
ᠨᠡᠶᠢᠲᠡᠯᠡᠭᠰᠡᠨ ᠴᠠᠭ᠄
2024/7/25
    5 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠶᠡᠬᠡᠨ᠋ᠤᠰᠣ ᠰᠤᠮᠤ᠂ ᠪᠠᠯᠭᠤᠨ ᠪᠠᠯᠭᠠᠰᠤ ᠪᠣᠯᠤᠨ ᠬᠥᠬᠡᠮᠣᠳᠤ ᠪᠠᠯᠭᠠᠰᠤᠨ ᠳᠤ ᠭᠦᠨᠵᠡᠭᠡᠶᠢᠷᠡᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ  ᠵᠢᠯᠣᠭᠤᠳᠪᠠ᠃ ᠬᠤᠰᠢᠭᠤ ᠤᠳᠤᠷᠢᠳᠤᠯᠭ᠎ᠠ ᠮᠥᠩᠬᠡᠴᠢᠯᠠᠭᠤ᠂ ᠯᠢᠦ ᠬᠠᠶ ᠴᠢᠤᠸᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    5 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠠᠩᠭᠢᠨ ᠬᠤᠰᠢᠭᠤᠨ ᠤ ᠳᠤᠮᠳᠠᠳᠤ ᠰᠤᠷᠭᠠᠭᠤᠯᠢ ᠳᠤ ᠬᠦᠷᠴᠦ ᠨᠠᠷᠠᠲᠤ ᠰᠢᠯᠢᠳᠡᠭ ᠪᠠᠭᠰᠢ ᠨᠠᠷ ᠢ ᠪᠣᠯᠭᠤᠭᠠᠨ ᠦᠵᠡᠵᠦ᠂ ᠶᠠᠷᠢᠯᠴᠠᠬᠤ ᠬᠤᠷᠠᠯ ᠬᠢᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ ᠳᠠᠷᠤᠭ᠎ᠠ ᠰᠠᠷᠠᠨ᠎ᠠ ᠬᠤᠷᠠᠯ ᠳᠤ ᠣᠷᠣᠯᠴᠠᠪᠠ᠃    5 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠶᠡᠬᠡᠨ᠋ᠤᠰᠤ ᠰᠤᠮᠤᠨ ᠳᠤ ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠤᠬᠠᠶ ᠶᠢᠨ ᠲᠠᠯᠠᠪᠤᠷ ᠲᠤ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠤᠰᠢᠭᠤᠨ ᠤ ᠤᠳᠤᠷᠢᠳᠤᠯᠭ᠎ᠠ ᠵᠠᠩ ᠺᠸᠤ ᠴᠧᠩ᠂ ᠯᠢᠦ ᠬᠠᠶ ᠴᠢᠤᠸᠠᠨ ᠣᠷᠣᠯᠴᠠᠵᠠᠶ᠃    5 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠬᠠᠩᠭᠢᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 135 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    5 ᠰᠠᠷ᠎ᠠ ᠶᠢᠨ 13 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠵᠠᠭᠢᠳᠠᠯ ᠰᠤᠷᠪᠤᠯᠵᠢᠯᠠᠯ ᠢ ᠭᠦᠯᠢᠶᠠᠨ ᠠᠪᠬᠤ ᠠᠵᠢᠯᠯᠠᠭ᠎ᠠ ᠦᠷᠨᠢᠭᠦᠯᠵᠤ᠂ ᠤᠯᠠᠨ ᠲᠦᠮᠠᠨ ᠤ ᠭᠦᠰᠡᠯ ᠱᠠᠭᠠᠷᠳᠠᠯᠭ᠎ᠠ ᠶᠢ ᠵᠤᠭᠢᠴᠠᠭᠤᠯᠤᠨ ᠰᠢᠢᠳᠪᠤᠷᠢᠯᠠᠪᠠ᠃    5 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠲᠥᠯᠥᠪᠵᠢᠭᠦᠯᠭᠡ ᠶᠢᠨ ᠵᠥᠪᠯᠡᠯ ᠤᠨ ᠡᠷᠬᠢᠯᠡᠭᠴᠢ ᠵᠠᠩ ᠵᠥᠩ ᠫᠢᠩ ᠬᠠᠩᠭᠢᠨ ᠬᠤᠰᠢᠭᠤᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ 2024 ᠣᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃    5 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ  ᠬᠤᠰᠢᠭᠤ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠬᠠᠲᠤᠨ ᠭᠤᠤᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠭᠤᠤᠯᠳᠠᠯᠭ᠎ᠠ ᠲᠠᠢ ᠠᠵᠢᠯ ᠢ ᠲᠣᠬᠢᠷᠠᠭᠤᠯᠪᠠ᠃    5 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠴᠧᠩ ᠲᠤᠭᠤᠢᠢᠳᠠᠯ᠎ᠠ ᠪᠠᠯᠭᠠᠰᠤ᠂ ᠵᠢᠷᠭᠠᠯᠠᠩᠲᠤ ᠪᠠᠯᠭᠠᠰᠤ ᠪᠣᠯᠤᠨ ᠬᠥᠬᠡᠮᠣᠳᠤ ᠪᠠᠯᠭᠠᠰᠤᠨ ᠳᠤ ᠭᠦᠨᠵᠡᠭᠡᠶᠢᠷᠡᠵᠦ᠂ ᠬᠠᠲᠤᠨ ᠭᠤᠤᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠣᠢ ᠦᠭᠡᠢ ᠪᠠᠶᠢᠳᠠᠯ ᠢ ᠠᠷᠢᠯᠭᠠᠬᠤ︾ ᠵᠢᠴᠢ ᠮᠠᠭᠤᠪᠤᠯᠠᠭ ᠬᠦᠨᠳᠡᠢ ᠶᠢ ᠶᠡᠷᠦᠩᠬᠡᠶᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠬᠤᠤ ᠬᠤᠸᠠᠨ ᠭᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    5 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃    5 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠳᠤᠮᠳᠠᠳᠤ ᠤᠯᠤᠰ ᠤᠨ ᠬᠢᠮᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠢᠤᠢ ᠫᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠪᠡ᠃ ᠬᠠᠩᠭᠢᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠬᠥᠭᠵᠢᠯᠲᠦ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠠᠯᠲᠠᠨᠲᠡᠯᠡᠶ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠶᠢᠨ ᠬᠠᠷᠢᠭᠤᠴᠠᠯᠭᠠᠲᠠᠨ ᠪᠠᠷ᠎ᠠ ᠪᠣᠯᠪᠠ᠃    5 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃    5 ᠰᠠᠷ᠎ᠠ ᠶᠢᠨ 28 ᠤ ᠡᠳᠦᠷ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠠᠩ ᠵᠦᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    5 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ   ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    5 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠵᠥᠩ ᠫᠢᠩ ᠲᠤᠭᠤᠢᠢᠳᠠᠯ᠎ᠠ ᠪᠠᠯᠭᠠᠰᠤᠨ ᠳᠤ ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠪᠠᠯᠭᠠᠰᠤ᠂ ᠲᠣᠰᠬᠤᠨ ᠤ ᠺᠠᠳ᠋ᠷ ᠪᠠ ᠮᠠᠯᠴᠢᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠤᠬᠠᠶ ᠶᠢᠨ ᠲᠠᠯᠠᠪᠤᠷ ᠲᠤ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠤᠰᠢᠭᠤᠨ ᠤ ᠤᠳᠤᠷᠢᠳᠤᠯᠭ᠎ᠠ ᠵᠠᠩ ᠵᠧᠨ ᠭᠦᠸᠧ ᠣᠷᠣᠯᠴᠠᠵᠠᠶ᠃ 
ᠢᠷᠡᠯᠲᠡ᠄ ᠲᠤᠰ ᠰᠦᠯᠵᠢᠶ᠎ᠡ