ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 8 ᠰᠠᠷ᠎ᠠ ᠶᠢᠨ 1 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ | ᠪᠣᠳᠣᠯᠭ᠎ᠠ ᠶᠢᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠰᠠᠶ᠋ᠢᠬᠠᠨ ᠨᠡᠶᠢᠲᠡᠯᠡᠭᠰᠡᠨ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ᠤᠨ ᠲᠤᠬᠠᠢ ᠲᠠᠨᠢᠯᠴᠠᠭᠤᠯᠵᠠᠢ᠃ ᠲᠡᠭᠡᠪᠡᠯ ᠲᠤᠰ ︽ | ᠵᠢᠯᠤᠭᠤᠳᠬᠤ ᠰᠠᠨᠠᠯ︾ ᠨᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠶᠠᠮᠠᠷ ᠶᠠᠮᠠᠷ ᠪᠣᠳᠠᠲᠤ ᠠᠰᠢᠭ ᠬᠦᠷᠲᠡᠭᠡᠬᠦ ᠪᠣᠯ︖ | ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ | ᠵᠢᠯᠤᠭᠤᠳᠬᠤ ᠰᠠᠨᠠᠯ︾ ᠳᠤ ᠲᠤᠷᠠᠳᠤᠭᠰᠠᠨ ᠢᠶᠠᠷ᠄ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠷᠠᠳᠴᠦ᠂ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ 4 ᠵᠢᠯ ᠳᠠᠷᠠᠭᠠᠯᠠᠨ ᠣᠷᠣᠯᠴᠠᠭᠰᠠᠨ ᠣᠯᠠᠨ ᠲᠦᠮᠡᠨ ᠳᠤ᠂ ᠲᠠᠪᠤᠳᠤᠭᠠᠷ ᠵᠢᠯ ᠠᠴᠠ ᠨᠢ ᠡᠬᠢᠯᠡᠵᠦ ᠢᠯᠡᠭᠦᠦ 1 ᠵᠢᠯ | ᠣᠷᠣᠯᠴᠠᠬᠤ ᠪᠦᠷᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠨᠠᠭᠠᠲᠤ ᠵᠠᠬ᠎ᠠ ᠳᠠᠭᠠᠨ 1000 ᠲᠥᠭᠦᠷᠢᠭ | ᠳᠡᠭᠡᠭᠰᠢᠯᠡᠭᠦᠯᠦᠨ᠎ᠡ︔ ᠰᠠᠭᠤᠷᠢ ᠮᠥᠩᠭᠦᠨ ᠤ ᠲᠠᠩᠰᠠᠨ ᠠᠴᠠ ᠲᠠᠶᠢᠯᠤᠭᠰᠠᠨ ᠦᠭᠡᠢ᠂ ᠥᠭᠡᠷ᠎ᠡ ᠪᠠᠷ ᠬᠡᠯᠡᠪᠡᠯ ᠲᠤᠬᠠᠢ ᠶᠢᠨ ᠵᠢᠯ ᠳᠤ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠦᠭᠡᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ | ᠥᠨᠳᠥᠷ ᠲᠥᠯᠥᠬᠦ ᠬᠢᠵᠠᠭᠠᠷ ᠲᠤᠭ᠎ᠠ ᠶᠢ ᠨᠠᠭᠠᠲᠤ ᠵᠠᠬ᠎ᠠ ᠳᠠᠭᠠᠨ ᠮᠢᠩᠭᠠᠨ ᠲᠥᠭᠦᠷᠢᠭ ᠲᠡᠭᠡᠭᠰᠢᠯᠡᠭᠦᠯᠦᠨ᠎ᠡ︔ ᠲᠤᠰ ︽ᠵᠢᠯᠤᠭᠤᠳᠬᠤ ᠰᠠᠨᠠᠯ︾ ᠳᠤ ᠭᠠᠳᠠᠷ | ᠣᠷᠣᠨ ᠤ ᠡᠷᠦᠬᠡ ᠠᠮᠠ ᠶᠢᠨ ᠲᠠᠩᠰᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠪᠠᠶᠢᠩᠭᠤ | ᠰᠠᠭᠤᠭ᠎ᠠ ᠭᠠᠵᠠᠷ ᠲᠠᠭᠠᠨ ᠳᠠᠭᠠᠳᠬᠠᠯ ᠳᠤ ᠣᠷᠣᠬᠤ ᠠᠵᠢᠯ ᠢ ᠠᠬᠢᠭᠤᠯᠤᠨ᠎ᠠ︔ ᠲᠥᠪᠯᠡᠷᠡᠭᠦᠯᠦᠨ ᠲᠤᠰᠢᠶᠠᠬᠤ ᠪᠤᠰᠤ ᠬᠤᠭᠤᠴᠠᠭᠠᠨ ᠳᠤ ᠰᠦᠢᠳᠬᠡᠯ ᠲᠤᠰᠢᠶᠠᠬᠤ | ᠳᠠᠭᠠᠳᠬᠠᠯ ᠳᠤ ᠣᠷᠣᠯᠴᠠᠬᠤ ᠪᠠ ᠲᠠᠰᠤᠯᠳᠠᠭᠤᠯᠤᠨ ᠲᠤᠰᠢᠶᠠᠬᠤ ᠬᠥᠮᠥᠰ ᠤᠨ ᠳᠠᠬᠢᠨ ᠳᠠᠭᠠᠳᠬᠠᠯ ᠳᠤ ᠣᠷᠣᠯᠴᠠᠬᠤ ᠳᠤ ᠲᠣᠭᠲᠠᠮᠠᠯ ᠪᠠ ᠬᠤᠪᠢᠷᠠᠯᠲᠠ ᠭᠠᠷᠤᠭᠰᠠᠨ | ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠳᠦᠷᠢᠮ ᠢ ᠲᠣᠳᠣᠷᠬᠠᠶᠢᠯᠠᠬᠤ ᠶᠢᠨ ᠬᠠᠮᠲᠤ᠂ ᠰᠦᠢᠳᠬᠡᠯ ᠲᠤᠰᠢᠶᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠬᠤᠪᠢᠷᠠᠯᠲᠠ ᠭᠠᠷᠤᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠰᠡᠷᠭᠦᠭᠡᠵᠦ᠂ ᠪᠥᠬᠦ ᠳᠠᠭᠠᠳᠬᠠᠯ ᠳᠤ ᠣᠷᠣᠯᠴᠠᠭᠰᠠᠳ ᠤᠨ ᠠᠰᠢᠭ ᠲᠤᠰᠠ ᠶᠢ ᠲᠥᠪ | ᠭᠤᠤᠯᠴᠢ ᠪᠠᠷ ᠬᠠᠮᠠᠭᠠᠯᠠᠨ᠎ᠠ︔ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠳᠠᠬᠢ ᠬᠠᠷᠢᠯᠴᠠᠨ | ᠲᠤᠰᠠᠯᠠᠯᠴᠠᠬᠤ ᠬᠡᠪᠴᠢᠶ᠎ᠡ ᠶᠢ ᠣᠶᠢᠷ᠎ᠠ ᠰᠠᠳᠤᠨ ᠳᠤ ᠨᠢ ᠬᠦᠷᠲᠡᠯ᠎ᠡ ᠥᠷᠭᠡᠳᠬᠡᠬᠦ ᠶᠢᠨ ᠬᠠᠮᠲᠤ ᠬᠠᠷᠢᠯᠴᠠᠨ ᠲᠤᠰᠠᠯᠠᠯᠴᠠᠬᠤ ᠭᠠᠵᠠᠷ ᠣᠷᠣᠨ ᠢ ᠠᠯᠬᠤᠮ ᠠᠯᠬᠤᠮ ᠢᠶᠠᠷ | ᠥᠷᠭᠡᠳᠬᠡᠬᠦ ᠶᠢ ᠠᠬᠢᠭᠤᠯᠵᠤ᠂ 2024 ᠣᠨ ᠤ ᠡᠴᠦᠰ ᠪᠣᠯᠬᠤ ᠳᠤ ᠮᠤᠵᠢ ᠶᠢᠨ ᠳᠣᠲᠣᠷᠠᠬᠢ ᠨᠢᠭᠡᠳᠦᠯᠲᠡᠢ ᠲᠥᠯᠥᠪᠵᠢᠭᠦᠯᠬᠦ ᠣᠷᠣᠨ ᠠᠯᠤᠰᠯᠠᠭᠰᠠᠨ ᠬᠤᠪᠢ | ᠬᠥᠮᠥᠨ ᠤ ᠲᠠᠩᠰᠠᠨ ᠡᠷᠦᠬᠡ ᠳᠠᠬᠢ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠶᠡᠷᠦᠩᠬᠡᠢ ᠳᠡᠭᠡᠨ ᠪᠡᠶᠡᠯᠡᠭᠦᠯᠵᠦ᠂ 2025 ᠣᠨ ᠠᠴᠠ ᠡᠬᠢᠯᠡᠨ ᠮᠤᠵᠢ | ᠠᠯᠤᠰᠯᠠᠭᠰᠠᠨ ᠬᠤᠪᠢ ᠬᠥᠮᠥᠨ ᠤ ᠲᠠᠩᠰᠠᠨ ᠡᠷᠦᠬᠡ ᠶᠢᠨ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠲᠠᠰᠤᠷᠠᠯᠲᠠ ᠦᠭᠡᠢ ᠰᠦᠪᠡᠭᠴᠢᠯᠡᠬᠦ ᠪᠠᠷ ᠴᠢᠷᠮᠠᠶᠢᠨ᠎ᠠ᠃ |