1 — 8 ᠳ᠋ᠤᠭᠠᠷ ᠰᠠᠷ᠎ᠠ ᠳᠤ ᠪᠥᠬᠦ ᠣᠷᠣᠨ ᠤ ᠡᠨᠧᠷᠭᠢ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠠᠬᠢᠴᠠ ᠤᠷᠤᠭᠰᠢᠲᠠᠶ ᠶᠠᠪᠤᠭᠳᠠᠵᠤ | ᠪᠠᠶᠢᠨ᠎ᠠ ᠃ ᠡᠨᠡ ᠵᠢᠯ ᠪᠥᠬᠦ ᠣᠷᠣᠨ ᠤ ᠡᠨᠧᠷᠭᠢ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠣᠨ ᠤ ᠲᠥᠯᠥᠪᠯᠡᠭᠡ ᠳᠤ 3360 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠂ 1 — 8 ᠳ᠋ᠤᠭᠠᠷ ᠰᠠᠷ᠎ᠠ ᠳᠤ ᠨᠡᠶᠢᠲᠡ 2374.5 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ ᠂ ᠪᠥᠬᠦ ᠵᠢᠯ ᠳᠠᠬᠢ ᠪᠠᠯᠠ ᠣᠷᠣᠭᠤᠯᠤᠯᠲᠠ ᠶᠢᠨ | ᠲᠥᠯᠥᠪᠯᠡᠭᠡ ᠶᠢᠨ ᠢᠶᠠᠨ 71% ᠶᠢ ᠡᠵᠡᠯᠡᠪᠡ ᠃ ᠡᠭᠦᠨ ᠳᠤ ᠂ ᠡᠨᠧᠷᠭᠢ ᠶᠢᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢ 1500 | ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠲᠥᠬᠦᠭᠡᠷᠦᠮᠵᠢ ᠬᠤᠳᠠᠯᠳᠤᠨ ᠠᠪᠬᠤ ᠦᠨ᠎ᠡ ᠬᠠᠩᠰᠢ ᠶᠡᠭᠡ ᠪᠠᠷ ᠪᠠᠭᠤᠷᠠᠭᠰᠠᠨ ᠪᠠ ᠨᠢᠳᠤᠨᠤᠨ ᠤ ᠪᠡᠯᠡ | ᠣᠷᠣᠭᠤᠯᠤᠯᠲᠠ ᠶᠢᠨ ᠰᠠᠭᠤᠷᠢ ᠲᠤᠭ᠎ᠠ ᠨᠢ ᠦᠨᠳᠦᠷ ᠂ ᠦᠰᠦᠯᠲᠡ ᠨᠢ ᠥᠨᠳᠥᠷ ︵ᠦᠰᠦᠯᠲᠡ ᠶᠢᠨ ᠨᠤᠷᠮ᠎ᠠ 70%︶ ᠪᠠᠶᠢᠭᠰᠠᠨ ᠰᠠᠭᠤᠷᠢᠨ ᠳᠡᠭᠡᠷ᠎ᠡ ᠂ ᠮᠥᠨ ᠬᠦ | 8% ᠪᠠᠷ ᠨᠡᠮᠡᠭᠳᠡᠭᠦᠯᠵᠦ ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠦᠢᠯᠡᠳᠬᠦ ᠲᠥᠷᠥᠯ ᠵᠦᠢᠯ ᠳᠤ 874.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 68% ᠪᠠᠷ ᠨᠡᠮᠡᠭᠳᠡᠪᠡ ᠃ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ | ᠲᠥᠷᠥᠯ ᠵᠦᠢᠯ ᠳᠤ ᠨᠡᠶᠢᠲᠡ 1961.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠂ 23% ᠪᠠᠷ ᠨᠡᠮᠡᠭᠳᠡᠨ ᠂ ᠪᠥᠬᠦ ᠪᠡᠶᠡᠯᠡᠭᠦᠯᠦᠭᠰᠡᠨ | ᠪᠡᠯᠡ ᠣᠷᠣᠭᠤᠯᠤᠯᠲᠠ ᠶᠢᠨ 83% ᠶᠢ ᠡᠵᠡᠯᠡᠪᠡ ᠃ 1 — 8 ᠳ᠋ᠤᠭᠠᠷ ᠰᠠᠷ᠎ᠠ ᠳᠤ ᠨᠢᠭᠡᠨᠲᠡ ᠠᠰᠢᠭᠯᠠᠯᠲᠠ ᠳᠤ ᠣᠷᠣᠭᠰᠠᠨ ︵ᠲᠣᠣᠷ ᠲᠤ ᠨᠡᠶᠢᠯᠡᠭᠦᠯᠦᠭᠰᠡᠨ︶ | ᠡᠨᠧᠷᠭᠢ ᠶᠢᠨ ᠴᠢᠬᠤᠯᠠ ᠶᠡᠭᠡ ᠲᠥᠷᠥᠯ ᠵᠦᠢᠯ 35 ᠪᠠᠶᠢᠵᠤ ᠂ ᠪᠥᠬᠦ ᠣᠷᠣᠨ ᠤ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ 1310 ᠲᠦᠮᠡᠨ ᠺᠢᠯᠣᠸᠠᠲ ᠲᠤ ᠬᠦᠷᠴᠦ ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 10633 | ᠲᠦᠮᠡᠨ ᠺᠢᠯᠣᠸᠠᠲ ᠲᠤ ᠬᠦᠷᠪᠡ ᠃ |