ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠦᠯᠢᠰ · ᠺᠯᠣᠲ᠋ᠧᠯ · ᠣᠣᠯᠢᠵᠢ · ᠡᠸ᠋ᠨᠭᠦ᠋ᠢᠮᠠ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠭᠠᠪᠤᠨ ᠤᠯᠤᠰ ᠤᠨ | ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠭᠠᠪᠤᠨ ᠤᠯᠠᠮᠵᠢᠯᠠᠯᠲᠤ ᠨᠥᠬᠦᠷᠰᠡᠭ ᠬᠠᠷᠢᠴᠠᠭ᠎ᠠ ᠲᠠᠢ ᠶᠤᠮ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ | ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠲᠣᠰ ᠲᠣᠰ ᠤᠨ | ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠪᠡ᠃ ᠪᠢ ᠳᠤᠮᠳᠠᠳᠤ ᠤᠯᠤᠰ ᠭᠠᠪᠤᠨ ᠤ | ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠰᠢᠨ᠎ᠡ ᠪᠠᠷ ᠰᠣᠩᠭᠤᠭᠳᠠᠭᠰᠠᠨ ᠶᠡᠷᠦᠩᠬᠡᠶᠢᠯᠡᠭᠴᠢ ᠡᠸ᠋ᠨᠭᠦ᠋ᠢᠮᠠ ᠲᠠᠢ | ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ | ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ | ᠭᠡᠵᠦ ᠵᠢᠭᠠᠵᠤ ᠭᠠᠷᠭᠠᠪᠠ᠃ |